︵ᠰᠤᠷᠪᠤᠯᠵᠢᠯᠠᠭᠴᠢ ᠰᠥᠩ ᠰᠢᠶᠠᠩ ᠬᠤᠸᠠ︶ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ | 8 ᠤ ᠡᠳᠦᠷ ᠠᠴᠠ ᠡᠬᠢᠯᠡᠨ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠡᠯ᠎ᠡ | ᠦᠢᠯᠡᠴᠢᠯᠡᠭᠡᠨ ᠤ ᠲᠢᠩᠬᠢᠮ ᠴᠣᠩᠬᠤᠪᠴᠢ ᠶᠢᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠡᠮᠬᠢ | ᠵᠢᠷᠤᠮ ᠲᠠᠢ ᠪᠠᠷ ᠰᠡᠷᠭᠦᠭᠡᠨ᠎ᠡ᠃ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠲᠥᠪ ᠠᠴᠠ ᠸᠢᠴᠠᠲ ᠢᠶᠠᠷ ᠤᠷᠢᠳᠴᠢᠯᠠᠨ ᠪᠣᠯᠵᠣᠬᠤ ᠠᠷᠭ᠎ᠠ ᠮᠠᠶ᠋ᠢᠭ ᠢᠶᠠᠷ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠵᠦ᠂ ᠠᠵᠢᠯ ᠶᠠᠪᠤᠳᠠᠯ ᠬᠦᠢᠴᠡᠳᠭᠡᠬᠦ ᠬᠦᠮᠦᠰ ᠤᠷᠢᠳᠴᠢᠯᠠᠨ | ᠪᠣᠯᠵᠣᠭᠰᠠᠨ ᠴᠠᠭ ᠤᠨ ᠶᠣᠰᠣᠭᠠᠷ ᠪᠦᠯᠦᠭ ᠤᠳᠠᠭ᠎ᠠ ᠬᠤᠪᠢᠶᠠᠨ ᠶᠡᠭᠡ ᠲᠢᠩᠬᠢᠮ ᠳᠤ ᠣᠷᠣᠵᠤ ᠲᠤᠬᠠᠶᠢᠯᠠᠭᠰᠠᠨ | ᠠᠵᠢᠯ ᠢᠶᠠᠨ ᠭᠦᠢᠴᠡᠳᠬᠡᠨ᠎ᠡ᠃ ᠸᠢᠴᠠᠲ ᠢᠶᠠᠷ ᠪᠣᠯᠵᠣᠭᠰᠠᠨ ᠦᠭᠡᠢ ᠪᠣᠯ ᠶᠡᠭᠡ ᠲᠢᠩᠬᠢᠮ ᠳᠤ ᠣᠷᠣᠵᠤ ᠪᠣᠯᠬᠤ | ᠦᠭᠡᠢ᠂ ᠲᠤᠬᠠᠶᠢᠯᠠᠭᠰᠠᠨ ᠠᠵᠢᠯ ᠭᠦᠢᠴᠡᠳᠬᠡᠵᠦ ᠥᠭᠬᠦ ᠦᠭᠡᠢ᠃ ᠠᠵᠢᠯ ᠶᠠᠪᠤᠳᠠᠯ ᠬᠦᠢᠴᠡᠳᠭᠡᠬᠦ ᠬᠦᠮᠦᠨ | ᠶᠡᠭᠡ ᠲᠢᠩᠬᠢᠮ ᠳᠤ ᠣᠷᠣᠬᠤ ᠳᠠᠭᠠᠨ ᠠᠮᠠᠪᠴᠢ ᠪᠠᠨ ᠵᠢᠷᠤᠮᠵᠢᠭᠤᠨ ᠵᠡᠭᠦᠵᠦ᠂ ᠬᠤᠪᠢ ᠬᠥᠮᠥᠨ ᠤ ᠬᠠᠮᠠᠭᠠᠯᠠᠯᠲᠠ ᠶᠢ | ᠰᠠᠶᠢᠲᠤᠷ ᠬᠢᠵᠦ᠂ ᠠᠵᠢᠯᠲᠠᠳ ᠲᠠᠢ ᠪᠠᠨ ᠬᠠᠮᠵᠢᠯᠴᠠᠨ ᠡᠮᠬᠢ ᠵᠢᠷᠤᠮ ᠲᠠᠢ ᠪᠠᠷ ᠪᠡᠶ᠎ᠡ ᠶᠢᠨ ᠳᠤᠯᠠᠭᠠᠨ ᠤ | ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ︽D︾ ᠲᠡᠮᠳᠡᠭ | ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠦᠷ᠎ᠡ ᠳ᠋ᠦᠩ ᠢᠶᠠᠨ ᠤᠬᠠᠮᠰᠠᠷ ᠠᠴᠠ ᠪᠠᠨ | ᠦᠵᠡᠭᠦᠯᠬᠦ ᠬᠡᠷᠡᠭᠲᠡᠢ᠃ ᠠᠵᠢᠯ ᠶᠠᠪᠤᠳᠠᠯ ᠭᠦᠢᠴᠡᠳᠬᠡᠬᠦ ᠳᠡᠭᠡᠨ ︽ᠨᠢᠭᠡ ᠮᠧᠲᠷ ᠤᠨ ᠱᠤᠭᠤᠮ︾ ᠤᠨ ᠵᠠᠢ ᠶᠢ | ᠪᠠᠲᠤᠯᠠᠵᠤ᠂ ᠪᠥᠭᠡᠮᠨᠡᠷᠡᠨ ᠴᠤᠭᠯᠠᠷᠠᠬᠤ ᠶᠢ ᠴᠢᠩᠭ᠎ᠠ ᠴᠠᠭᠠᠵᠠᠯᠠᠵᠤ᠂ ᠠᠯᠢ ᠴᠢᠳᠠᠬᠤ ᠪᠠᠷ ︽ ᠰᠦᠯᠵᠢᠶᠡᠨ ᠳᠡᠭᠡᠷ᠎ᠡ | ᠰᠦᠢᠳᠬᠡᠯ ᠲᠤᠰᠢᠶᠠᠬᠤ᠂ ᠦᠨᠡᠮᠯᠡᠯ ᠢ ᠰᠢᠤᠳᠠᠨ ᠢᠶᠠᠷ ᠢᠯᠡᠭᠡᠬᠦ︾ ᠵᠡᠷᠭᠡ ᠦᠢᠯᠡᠴᠢᠯᠡᠭᠡ ᠶᠢ ᠰᠣᠩᠭᠤᠨ ᠬᠡᠷᠡᠭᠯᠡᠬᠦ | ᠬᠡᠷᠡᠭᠲᠡᠢ︔ ᠲᠤᠬᠠᠢ ᠶᠢᠨ ᠲᠠᠯᠠᠪᠤᠷ ᠤᠨ ᠠᠵᠢᠯᠲᠠᠨ ᠤ ᠬᠠᠮᠢᠶᠠᠷᠤᠯᠲᠠ ᠪᠠ ᠵᠢᠯᠣᠭᠤᠳᠤᠯᠭ᠎ᠠ ᠶᠢ ᠤᠬᠠᠮᠰᠠᠷ ᠠᠴᠠ ᠪᠠᠨ | ᠳᠠᠭᠠᠵᠤ᠂ ᠠᠵᠢᠯ ᠶᠠᠪᠤᠳᠠᠯ ᠢᠶᠠᠨ ᠭᠦᠢᠴᠡᠳᠬᠡᠵᠦ ᠳᠠᠭᠤᠰᠤᠭᠰᠠᠨ ᠤ ᠳᠠᠷᠠᠭ᠎ᠠ᠂ ᠦᠢᠯᠡᠴᠢᠯᠡᠭᠡᠨ ᠤ | ᠲᠢᠩᠬᠢᠮ ᠠᠴᠠ ᠳᠠᠷᠤᠶᠢᠬᠠᠨ ᠰᠠᠯᠬᠤ ᠬᠡᠷᠡᠭᠲᠡᠢ᠃ ᠬᠡᠷᠪᠡ ᠠᠮᠠᠪᠴᠢ ᠵᠡᠭᠦᠭᠰᠡᠨ ᠦᠭᠡᠢ᠂ ᠪᠡᠶ᠎ᠡ ᠶᠢᠨ ᠳᠤᠯᠠᠭᠠᠨ | ᠬᠡᠪ ᠤᠨ ᠪᠤᠰᠤ ᠪᠣᠯᠤᠭᠰᠠᠨ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ᠂ ᠡᠷᠡᠭᠦᠯ ᠮᠡᠨᠳᠦ ᠶᠢᠨ ᠺᠣᠳ᠋ ᠨᠢ | ᠰᠢᠷ᠎ᠠ ᠪᠤᠶᠤ ᠤᠯᠠᠭᠠᠨ ᠺᠣᠳ᠋ ᠪᠣᠯᠬᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ︽D︾ ᠲᠡᠮᠳᠡᠭ ᠪᠤᠶᠤ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠦᠷ᠎ᠡ ᠳ᠋ᠦᠩ ᠢ ᠭᠠᠷᠭᠠᠵᠤ ᠦᠵᠡᠭᠦᠯᠬᠦ ᠶᠢᠨ | ᠠᠷᠭ᠎ᠠ ᠦᠭᠡᠢ ᠬᠦᠮᠦᠨ ᠦᠢᠯᠡᠴᠢᠯᠡᠭᠡᠨ ᠤ ᠲᠢᠩᠬᠢᠮ ᠳᠤ ᠣᠷᠣᠵᠤ ᠠᠵᠢᠯ ᠶᠠᠪᠤᠳᠠᠯ ᠭᠦᠢᠴᠡᠳᠬᠡᠬᠦ ᠶᠢ ᠴᠠᠭᠠᠵᠠᠯᠠᠨ᠎ᠠ᠃ | ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ | ᠬᠦᠨᠳᠦ ᠨᠣᠴᠢᠲᠠᠢ ᠪᠠᠶᠢᠨ᠎ᠠ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠨᠢ ᠪᠣᠶ | ᠪᠦᠬᠦᠢ ᠠᠵᠢᠯ ᠶᠠᠪᠤᠳᠠᠯ ᠭᠦᠢᠴᠡᠳᠬᠡᠬᠦ ᠪᠠᠷ ᠢᠷᠡᠬᠦ ᠬᠦᠮᠦᠰ ᠢ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ | ᠬᠢᠯᠭᠡᠬᠦ ᠶᠢᠨ ᠬᠠᠮᠲᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠡᠯ᠎ᠡ ᠦᠢᠯᠡᠴᠢᠯᠡᠭᠡᠨ ᠤ ᠲᠢᠩᠬᠢᠮ ᠪᠠ ᠴᠣᠩᠬᠤᠨ ᠤ ᠬᠢᠨ | ᠦᠢᠯᠡᠴᠢᠯᠡᠭᠡ ᠪᠠᠨ ᠠᠯᠢ ᠴᠢᠳᠠᠬᠤ ᠪᠠᠷ ᠰᠠᠶᠢᠲᠤᠷ ᠬᠢᠵᠦ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠴᠠᠭ ᠲᠤᠬᠠᠢ | ᠳᠤᠨᠢ ᠭᠦᠢᠴᠡᠳᠬᠡᠬᠦ ᠶᠢ ᠪᠠᠲᠤᠯᠠᠨ᠎ᠠ᠃ ᠠᠵᠢᠯ ᠶᠠᠪᠤᠳᠠᠯ ᠬᠦᠢᠴᠡᠳᠭᠡᠬᠦ ᠬᠦᠮᠦᠰ ᠵᠢᠴᠢ ᠲᠡᠳᠡᠨ ᠤ ᠭᠡᠷ ᠤᠨ | ᠬᠥᠮᠥᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠥᠯᠥ | ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠠᠵᠢᠯ ᠶᠠᠪᠤᠳᠠᠯ ᠭᠦᠢᠴᠡᠳᠬᠡᠬᠦ ᠬᠦᠮᠦᠰ ᠮᠦᠩᠭᠡ | ᠰᠤᠪᠠᠭ App᠂ ᠠᠢ ᠴᠢᠩ ᠴᠧᠩ App ᠵᠢᠴᠢ ᠬᠤᠲᠠ ᠶᠢᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠲᠥᠪ ᠤᠨ ᠸᠢᠴᠠᠲ ᠤᠨ ᠨᠡᠶᠢᠲᠡ ᠶᠢᠨ ᠳ᠋ᠤᠭᠠᠷ ᠤᠨ ᠰᠦᠯᠵᠢᠶᠡᠨ ᠲᠡᠭᠡᠷ᠎ᠡ ᠠᠵᠢᠯ ᠶᠠᠪᠤᠳᠠᠯ | ᠬᠦᠢᠴᠡᠳᠭᠡᠬᠦ ᠲᠢᠩᠬᠢᠮ ᠵᠡᠷᠭᠡ ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠰᠠᠨᠠᠭᠠᠴᠢᠯᠠᠵᠤ ᠪᠠᠶᠢᠨ᠎ᠠ᠃ |