ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ᠪᠦᠬᠦ ᠣᠷᠣᠨ ᠤ ᠮᠠᠯ ᠡᠮᠨᠡᠯᠭᠡ ᠶᠢᠨ ᠠᠵᠢᠯ ᠤᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ 2021 ᠣᠨ ᠤ ᠮᠠᠯ ᠡᠮᠨᠡᠯᠭᠡ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠭᠰᠡᠨ ᠤ ᠬᠠᠮᠲᠤ | ᠲᠤᠯᠭᠠᠷᠠᠵᠤ ᠪᠠᠶᠢᠭ᠎ᠠ ᠪᠠᠶᠢᠳᠠᠯ ᠠᠰᠠᠭᠤᠳᠠᠯ ᠢ ᠰᠤᠳᠤᠯᠤᠨ ᠵᠠᠳᠠᠯᠵᠤ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ᠂ | ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ 4 ᠠᠶᠢᠮᠠᠭ ᠬᠤᠲᠠ ᠶᠢᠨ ᠬᠢᠨ ᠲᠤᠰ ᠲᠤᠰ ᠰᠠᠨᠠᠯ ᠢᠶᠠᠨ | ᠰᠣᠯᠢᠯᠴᠠᠨ ᠦᠭᠡ ᠬᠡᠯᠡᠪᠡ᠃ ᠬᠤᠷᠠᠯ ᠠᠴᠠ᠂ 2022 ᠣᠨ ᠤ ᠮᠠᠯ ᠡᠮᠨᠡᠯᠭᠡ ᠶᠢᠨ ᠡᠯ᠎ᠡ ᠵᠦᠢᠯ ᠤᠨ ᠠᠵᠢᠯ ᠳᠤ | ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠠᠷᠢᠶ᠎ᠠ | ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠠᠮᠢᠲᠠᠨ ᠤ ᠬᠦᠨᠳᠦ ᠶᠡᠭᠡ ᠬᠡᠮ ᠬᠢᠵᠢᠭ ᠢ | ᠰᠡᠷᠭᠡᠶᠢᠯᠡᠨ ᠡᠵᠡᠮᠳᠡᠬᠦ᠂ ᠬᠥᠮᠦᠨ ᠮᠠᠯ ᠳᠤ ᠪᠦᠷ ᠲᠣᠰᠳᠠᠭ ᠡᠪᠡᠳᠴᠢᠨ ᠢ ᠡᠬᠢ ᠡᠭᠦᠰᠦᠯ ᠠᠴᠠ ᠨᠢ ᠰᠡᠷᠭᠡᠶᠢᠯᠡᠨ | ᠡᠵᠡᠮᠳᠡᠬᠦ᠂ ᠮᠠᠯ ᠤᠨ ᠡᠮ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠪᠣᠯᠣᠨ ᠵᠠᠩᠭᠢᠯᠠᠭ᠎ᠠ ᠶᠢᠨ | ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ᠂ ᠮᠠᠯ ᠡᠮᠨᠡᠯᠭᠡ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ᠂ ᠮᠠᠯ ᠡᠮᠨᠡᠯᠭᠡ ᠶᠢᠨ ᠠᠵᠢᠯ ᠤᠨ ᠰᠢᠰᠲ᠋ᠧᠮ ᠤᠨ ᠪᠠᠢᠭᠤᠯᠤᠯᠲᠠ᠂ ᠪᠡᠯᠡ ᠮᠥᠩᠭᠦᠨ ᠤ ᠲᠥᠷᠥᠯ | ᠵᠦᠢᠯ ᠤᠨ ᠬᠢᠨᠠᠯᠲᠠ ᠬᠠᠮᠢᠶᠠᠷᠤᠯᠲᠠ᠂ ᠮᠠᠯ ᠡᠮᠨᠡᠯᠭᠡ ᠶᠢᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ | ᠵᠡᠷᠭᠡ ᠶᠢ ᠬᠦᠴᠦᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ ᠠᠴᠠ ᠪᠠᠰᠠ᠂ ᠮᠠᠯ | ᠡᠮᠨᠡᠯᠭᠡ ᠶᠢᠨ ᠠᠵᠢᠯ ᠨᠢ ᠢᠳᠡᠭᠡᠨ ᠤ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠪᠣᠯᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠲᠠᠢ ᠬᠤᠯᠪᠣᠭᠳᠠᠨ᠎ᠠ᠃ ᠡᠯ᠎ᠡ ᠭᠠᠵᠠᠷ ᠤᠨ ᠬᠢᠨ ᠱᠠᠯᠠᠪᠳᠠᠨ | ᠲᠣᠬᠢᠷᠠᠭᠤᠯᠤᠨ ᠪᠠᠢᠷᠢᠯᠠᠭᠤᠯᠵᠤ᠂ ᠡᠯ᠎ᠡ ᠵᠦᠢᠯ ᠤᠨ ᠡᠭᠦᠷᠭᠡ ᠪᠠ ᠭᠦᠢᠴᠡᠳᠭᠡᠬᠦ ᠲᠤᠭ᠎ᠠ ᠪᠠᠨ ᠰᠠᠶᠢᠲᠤᠷ | ᠪᠡᠶᠡᠯᠡᠭᠦᠯᠤᠨ᠂ ᠮᠠᠯ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |