ᠭᠠᠵᠠᠷ ᠰᠢᠷᠣᠢ ᠲᠠᠲᠠᠪᠤᠷᠢᠯᠠᠬᠤ ᠤᠷᠢᠳᠴᠢᠯᠠᠭᠰᠠᠨ ᠵᠠᠷ
ᠨᠡᠶᠢᠲᠡᠯᠡᠭᠰᠡᠨ ᠴᠠᠭ᠄
2022/4/12
ᠺᠦᠩ ᠵᠢᠶᠠ ᠶᠢᠩ ᠤᠨ ᠰᠠᠭᠤᠭᠠᠯᠢ ᠠᠷᠠᠳ ᠤᠨ ᠵᠥᠪᠯᠡᠯ ᠵᠢᠴᠢ ᠰᠠᠭᠤᠭᠠᠯᠢ ᠠᠷᠠᠳ ᠲᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠰᠤᠳᠤᠯᠤᠨ ᠲᠣᠭᠲᠠᠭᠠᠬᠤ ᠪᠠᠷ ᠳᠡᠮᠵᠢᠨ᠂ ᠡᠳᠦᠭᠡ ᠭᠠᠵᠠᠷ ᠰᠢᠷᠣᠢ ᠶᠢ ᠲᠠᠲᠠᠪᠤᠷᠢᠯᠠᠬᠤ ᠠᠵᠢᠯ ᠢ ᠡᠬᠢᠯᠡᠭᠦᠯᠬᠦ ᠠᠯᠪᠠᠨ ᠵᠠᠷ ᠢ ᠳᠣᠣᠷᠠᠬᠢ ᠮᠡᠲᠦ ᠨᠡᠶᠢᠲᠡᠯᠡᠶ᠎ᠡ᠄      ᠨᠢᠭᠡ᠂ ᠲᠠᠲᠠᠪᠤᠷᠢᠯᠠᠬᠤ ᠬᠡᠪᠴᠢᠶ᠎ᠡ     ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠨᠢ ᠶᠢᠤ ᠶᠢᠤ ᠪᠠᠨ ᠪᠠᠯᠭᠠᠰᠤᠨ ᠤ ᠺᠦᠩ ᠵᠢᠶᠠ ᠶᠢᠩ ᠲᠣᠰᠬᠤᠨ ᠤ ᠬᠡᠪᠴᠢᠶᠡᠨ ᠳᠤ ᠪᠠᠶᠢᠵᠤ᠂ ᠺᠦᠩ ᠵᠢᠶᠠ ᠶᠢᠩ ᠤᠨ ᠰᠠᠭᠤᠭᠠᠯᠢ ᠠᠷᠠᠳ ᠤᠨ ᠵᠥᠪᠯᠡᠯ ᠳᠤ ᠬᠤᠯᠪᠣᠭᠳᠠᠵᠤ᠂ ᠲᠠᠯᠠᠪᠠᠶ ᠨᠢ ᠨᠡᠶᠢᠲᠡ 1.8551 ᠾᠧᠺᠲ᠋ᠠᠷ ᠪᠠᠶᠢᠵᠤ᠂ ᠲᠥᠷᠥᠯ ᠵᠦᠢᠯ ᠨᠢ ᠲᠡᠮᠦᠷ ᠵᠠᠮ ᠠᠴᠠ ᠬᠤᠶᠢᠰᠢ᠂ ᠬᠠᠢ ᠰᠢ ᠵᠠᠮ ᠠᠴᠠ ᠡᠮᠦᠨᠡᠰᠢ᠂ ᠰᠠᠨ ᠾᠧ ᠮᠠᠰᠢᠨ ᠲᠡᠷᠭᠡᠨ ᠤ ᠬᠤᠲᠠ ᠠᠴᠠ ᠵᠡᠭᠦᠨᠰᠢᠬᠢ ᠭᠠᠵᠠᠷ ᠲᠤ ᠪᠣᠶ ︵ᠪᠣᠳᠠᠲᠠᠢ ᠪᠠᠶᠢᠷᠢᠰᠢᠯ ᠢ ᠬᠠᠶᠢᠨ ᠬᠡᠮᠵᠢᠵᠦ ᠵᠠᠭᠠᠭ ᠲᠣᠭᠲᠠᠭᠠᠭᠰᠠᠨ ᠮᠡᠳᠡᠭᠦᠯᠦᠯᠲᠡ ᠳᠤ ᠦᠵᠡ︶᠃      ᠬᠤᠶᠠᠷ᠂ ᠲᠠᠲᠠᠪᠤᠷᠢᠯᠠᠬᠤ ᠵᠣᠷᠢᠯᠭ᠎ᠠ      ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠶᠢ ᠲᠥᠯᠦᠪᠵᠢᠭᠦᠯᠭᠡ ᠶᠣᠰᠣᠭᠠᠷ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠳᠤ ᠬᠡᠷᠡᠭᠯᠡᠨ᠎ᠡ᠃      ᠭᠤᠷᠪᠠ᠂ ᠭᠠᠵᠠᠷ ᠰᠢᠷᠣᠢ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠲᠣᠬᠢᠷᠠᠭᠤᠯᠤᠯᠲᠠ ᠶᠢ ᠥᠷᠨᠢᠭᠦᠯᠬᠦ ᠬᠡᠷᠡᠭᠲᠡᠢ     ᠲᠣᠰ ᠡᠬᠢᠯᠡᠯᠲᠡ ᠶᠢᠨ ᠠᠯᠪᠠᠨ ᠵᠠᠷ ᠢ ᠨᠡᠶᠢᠲᠡᠯᠡᠭᠰᠡᠨ ᠤ ᠳᠠᠷᠠᠭ᠎ᠠ᠂ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶ᠎ᠠ ᠠᠴᠠ ᠭᠠᠵᠠᠷ ᠰᠢᠷᠣᠢ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠪᠠᠶᠢᠴᠠᠭᠠᠯᠲᠠ ᠶᠢᠨ ᠠᠭᠤᠯᠭ᠎ᠠ ᠳᠤ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ᠂ ᠭᠠᠵᠠᠷ ᠰᠢᠷᠣᠢ ᠶᠢᠨ ᠲᠥᠷᠥᠯ᠂ ᠲᠠᠯᠠᠪᠠᠶ᠂ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠶᠢ ᠪᠠᠭᠲᠠᠭᠠᠵᠤ᠂ ᠬᠤᠯᠪᠣᠭᠳᠠᠯ ᠪᠦᠬᠦᠢ ᠨᠢᠭᠡᠴᠡ ᠪᠠ ᠬᠤᠪᠢ ᠬᠥᠮᠥᠨ ᠢᠳᠡᠪᠬᠢᠲᠡᠢ ᠳᠡᠮᠵᠢᠨ ᠬᠠᠮᠵᠢᠯᠴᠠᠬᠤ ᠬᠡᠷᠡᠭᠲᠡᠢ᠃      ᠲᠣᠰ ᠡᠬᠢᠯᠡᠯᠲᠡ ᠶᠢᠨ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠶᠠᠮᠠᠷᠪᠠ ᠨᠢᠭᠡᠴᠡ ᠪᠠ ᠬᠤᠪᠢ ᠬᠥᠮᠥᠨ ᠭᠡᠳ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠶᠢᠨ ᠬᠡᠪᠴᠢᠶᠡᠨ ᠳᠣᠲᠣᠷ᠎ᠠ ᠵᠠᠪᠳᠤᠨ ᠵᠠᠶᠢᠯᠠᠵᠤ ᠵᠠᠪᠳᠤᠨ ᠪᠠᠶᠢᠭᠤᠯᠵᠤ ᠪᠣᠯᠬᠤ ᠦᠭᠡᠢ᠂ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠶᠢᠨ ᠬᠡᠪᠴᠢᠶᠡᠨ ᠳᠣᠲᠣᠷ᠎ᠠ ᠲᠠᠷᠢᠶᠠᠨ ᠴᠢᠬᠢ ᠶᠢ ᠵᠠᠪᠳᠤᠨ ᠵᠠᠶᠢᠯᠠᠬᠤ᠂ ᠵᠠᠪᠳᠤᠨ ᠳᠠᠷᠢᠬᠤ ᠪᠠ ᠭᠠᠵᠠᠷ ᠳᠡᠭᠡᠷᠡᠬᠢ ᠳᠠᠭᠠᠯᠲᠠ ᠪᠣᠳᠠᠰ ᠢ ᠵᠠᠪᠳᠤᠨ ᠪᠠᠶᠢᠭᠤᠯᠤᠭᠰᠠᠨ ᠪᠠᠶᠢᠪᠠᠯ᠂ ᠭᠠᠵᠠᠷ ᠰᠢᠷᠣᠢ ᠶᠢ ᠲᠠᠲᠠᠪᠤᠷᠢᠯᠠᠬᠤ ᠳᠠᠭᠠᠨ ᠴᠥᠮ ᠲᠥᠯᠥᠪᠦᠷᠢ ᠥᠭᠬᠦ ᠦᠭᠡᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ2022 ᠣᠨ ᠤ 4 ᠳ᠋ᠦ᠋ᠭᠡᠷ ᠰᠠᠷ᠎ᠠ ᠶᠢᠨ 12 ᠤᠨ ᠡᠳᠦᠷ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号