ᠳ᠋ᠠᠶᠢᠲ᠋ᠠ ᠶᠢ ᠢᠯᠡᠭᠦᠦ ᠠᠰᠢᠭᠯᠠᠵᠤ ᠠᠷᠠᠳ ᠢ ᠳᠤᠲᠠᠭᠤ ᠭᠦᠶᠦᠯᠭᠡᠨ᠎ᠡ
ᠨᠡᠶᠢᠲᠡᠯᠡᠭᠰᠡᠨ ᠴᠠᠭ᠄
2022/4/21
     4 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯᠧᠺᠲᠷᠣᠨ ᠲᠠᠮᠠᠭ᠎ᠠ ᠶᠢᠨ ᠬᠡᠷᠡᠭᠯᠡᠭᠡᠨ ᠤ ᠰᠢᠰᠲ᠋ᠧᠮ ᠢ ᠪᠠᠶᠢᠭᠤᠯᠤᠨ ᠳᠠᠭᠤᠰᠬᠠᠵᠤ᠂ ᠬᠡᠷᠡᠭᠯᠡᠬᠦ ᠪᠠ ᠳᠡᠯᠭᠡᠷᠡᠭᠦᠯᠬᠦ ᠠᠵᠢᠯ ᠠᠩᠬ᠎ᠠ ᠠᠯᠬᠤᠮ ᠤᠨ ᠬᠡᠪᠴᠢᠶ᠎ᠡ ᠪᠠ ᠪᠦᠲᠦᠮᠵᠢ ᠲᠠᠢ ᠪᠣᠯᠵᠤ᠂ ᠡᠯᠧᠺᠲᠷᠣᠨ ᠲᠠᠮᠠᠭ᠎ᠠ ᠶᠢᠨ ᠬᠡᠷᠡᠭᠯᠡᠭᠡᠨ ᠤ ᠰᠢᠰᠲ᠋ᠧᠮ ᠳᠤ ᠳᠠᠩᠰᠠᠯᠠᠭᠤᠯᠤᠭᠰᠠᠨ ᠬᠡᠷᠡᠭᠯᠡᠭᠴᠢ 6988 ᠪᠣᠯᠵᠤ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ 3 ᠡᠷᠦᠬᠡ ᠣᠷᠣᠵᠤ ᠰᠠᠭᠤᠷᠢᠰᠢᠵᠤ᠂ 2692 ᠡᠯᠧᠺᠲᠷᠣᠨ ᠲᠠᠮᠠᠭ᠎ᠠ ᠲᠠᠷᠬᠠᠭᠠᠵᠤ᠂ 3055 ᠬᠤᠪᠢ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠪᠠ᠃      2021 ᠣᠨ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠡᠯᠧᠺᠲᠷᠣᠨ ᠲᠠᠮᠠᠭ᠎ᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠨᠢᠭᠡᠴᠢ ᠪᠠᠷ ᠲᠣᠭᠲᠠᠭᠠᠭᠳᠠᠵᠤ᠂ ᠡᠯᠧᠺᠲᠷᠣᠨ ᠲᠠᠮᠠᠭ᠎ᠠ ᠶᠢᠨ ᠰᠢᠰᠲ᠋ᠧᠮ ᠢ ᠪᠠᠶᠢᠭᠤᠯᠬᠤ ᠪᠠᠷ ᠳᠡᠮᠵᠢᠨ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠠᠮᠢᠶ᠎ᠠ ᠪᠦᠬᠦᠢ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠳᠤ ᠡᠯᠧᠺᠲᠷᠣᠨ ᠲᠠᠮᠠᠭ᠎ᠠ ᠭᠤᠶᠤᠴᠢᠯᠠᠨ ᠠᠪᠬᠤ᠂ ᠲᠠᠮᠠᠭ᠎ᠠ ᠳᠠᠷᠤᠬᠤ ᠪᠠ ᠲᠠᠮᠠᠭ᠎ᠠ ᠰᠢᠯᠭᠠᠬᠤ ᠵᠡᠷᠭᠡ ᠦᠢᠯᠡᠴᠢᠯᠡᠭᠡ ᠬᠠᠩᠭᠠᠪᠠ᠃ ᠡᠯᠧᠺᠲᠷᠣᠨ ᠲᠠᠮᠠᠭ᠎ᠠ ᠶᠢᠨ ᠮᠡᠷᠭᠡᠵᠢᠯ ᠨᠢ ᠦᠨᠡᠨ ᠨᠡᠷ᠎ᠡ ᠪᠠᠨ ᠭᠡᠷᠡᠴᠢᠯᠡᠭᠦᠯᠬᠦ᠂ ᠦᠨᠡᠮᠯᠡᠯ ᠣᠯᠭᠤᠬᠤ᠂ ᠬᠢᠨᠠᠨ ᠵᠥᠪᠰᠢᠶᠡᠷᠡᠵᠦ ᠲᠠᠮᠠᠭ᠎ᠠ ᠳᠠᠷᠤᠬᠤ ᠵᠡᠷᠭᠡ ᠭᠤᠭᠴᠤᠭ᠎ᠠ ᠶᠢᠨ ᠪᠥᠬᠦ ᠶᠠᠪᠤᠴᠠ ᠶᠢ ᠡᠯᠧᠺᠲᠷᠤᠨᠴᠢᠯᠠᠵᠤ᠂ ᠡᠭᠦᠨ ᠤ ᠤᠯᠠᠮ ᠢᠶᠠᠷ ᠵᠠᠰᠠᠭ ᠤᠨ ᠶᠠᠪᠤᠳᠠᠯ ᠤᠨ ᠠᠵᠢᠯ ᠤᠨ ᠶᠠᠪᠤᠴᠠ ᠶᠢ ᠳᠥᠭᠦᠮᠴᠢᠯᠡᠵᠦ᠂ ᠦᠢᠯᠡᠴᠢᠯᠡᠭᠡᠨ ᠤ ᠪᠦᠲᠦᠮᠵᠢ ᠶᠢ ᠳᠡᠭᠡᠭᠰᠢᠯᠡᠭᠦᠯᠦᠨ᠂ ︽ᠳ᠋ᠠᠶᠢᠲ᠋ᠠ ᠶᠢ ᠢᠯᠡᠭᠦᠦ ᠠᠰᠢᠭᠯᠠᠵᠤ᠂ ᠠᠷᠠᠳ ᠢ ᠳᠤᠲᠠᠭᠤ ᠭᠦᠶᠦᠯᠭᠡᠬᠦ︾ ᠵᠠᠷᠴᠢᠮ ᠢ ᠦᠨᠡᠨ ᠬᠦ ᠨᠠᠶᠢᠳᠠᠪᠤᠷᠢᠵᠢᠭᠤᠯᠤᠭᠰᠠᠨ ᠤ ᠬᠠᠮᠲᠤ ᠠᠯᠪᠠᠨ ᠠᠵᠢᠯ ᠤᠨ ᠥᠪᠡᠷ ᠤᠨ ᠥᠷᠲᠡᠭ ᠢ ᠠᠷᠪᠢᠯᠠᠪᠠ᠃      ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯᠧᠺᠲᠷᠣᠨ ᠲᠠᠮᠠᠭ᠎ᠠ ᠶᠢᠨ ᠬᠡᠷᠡᠭᠯᠡᠭᠡᠨ ᠤ ᠰᠢᠰᠲ᠋ᠧᠮ ᠢ ᠭᠤᠣᠯᠳᠠᠭᠤ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠬᠦᠷᠢᠶᠡᠨ ᠳᠤ ᠬᠡᠷᠡᠭᠯᠡᠬᠦ ᠶᠢᠨ ᠬᠠᠮᠲᠤ ᠪᠤᠰᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠳᠡᠯᠭᠡᠷᠡᠭᠦᠯᠵᠦ ᠪᠠᠶᠢᠨ᠎ᠠ᠃ ᠣᠳᠣᠬᠠᠨ ᠳᠤ᠂ ᠲᠣᠰ ᠰᠢᠰᠲ᠋ᠧᠮ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ᠂ ᠡᠷᠦᠬᠡ ᠠᠮᠠ ᠶᠢᠨ ᠳᠡᠪᠲᠡᠷ ᠨᠥᠬᠦᠵᠦ ᠠᠪᠬᠤ᠂ ᠡᠷᠦᠬᠡ ᠠᠮᠠ ᠰᠢᠯᠵᠢᠭᠦᠯᠬᠦ᠂ ᠭᠡᠷᠡᠴᠢᠯᠡᠭᠡ ᠥᠭᠬᠦ ᠵᠡᠷᠭᠡ ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠭᠲᠠᠭᠠᠭᠰᠠᠨ 83 ᠵᠦᠢᠯ ᠤᠨ ᠲᠤᠬᠠᠶᠢᠯᠠᠭᠰᠠᠨ ᠠᠵᠢᠯ ᠲᠠᠢ ᠵᠣᠯᠭᠠᠯᠳᠤᠵᠤ ᠪᠠᠶᠢᠨ᠎ᠠ᠃ ᠡᠭᠦᠨ ᠠᠴᠠ ᠭᠠᠳᠠᠨ᠎ᠠ᠂ ᠲᠣᠰ ᠰᠢᠰᠲ᠋ᠧᠮ ᠨᠢ ᠪᠠᠰᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽ᠮᠥᠩᠬᠡ ᠰᠤᠪᠠᠭ︾ APP ᠤᠨ ︽ᠲᠥᠷᠥᠭᠰᠡᠨ ᠤ ᠳᠠᠷᠠᠭᠠᠬᠢ ᠶᠠᠪᠤᠳᠠᠯ︾ ᠤᠨ ᠬᠡᠰᠡᠭ ᠲᠠᠢ ᠵᠣᠯᠭᠠᠭᠤᠯᠵᠤ᠂ ᠬᠥᠬᠡᠬᠤᠲᠠ ᠵᠡᠷᠭᠡ 6 ᠠᠶᠢᠮᠠᠭ ᠬᠤᠲᠠ ᠶᠢᠨ ︽ᠲᠥᠷᠥᠭᠰᠡᠨ ᠤ ᠳᠠᠷᠠᠭᠠᠬᠢ ᠶᠠᠪᠤᠳᠠᠯ︾ ᠤᠨ ᠦᠢᠯᠡᠴᠢᠯᠡᠭᠡᠨ ᠤ ᠵᠦᠢᠯᠡᠰ ᠲᠤ ᠡᠯᠧᠺᠲᠷᠣᠨ ᠲᠠᠮᠠᠭ᠎ᠠ ᠬᠠᠩᠭᠠᠵᠤ ᠪᠣᠯᠣᠨ᠎ᠠ᠃      ᠠᠵᠤ ᠠᠬᠤᠶᠢᠯᠠᠯ ᠪᠠ ᠬᠤᠪᠢ ᠬᠥᠮᠥᠨ ︽ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠰᠦᠯᠵᠢᠶ᠎ᠡ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠲᠤ ᠣᠷᠣᠵᠤ᠂ ᠳᠠᠩᠰᠠᠯᠠᠭᠤᠯᠬᠤ ᠪᠠ ᠦᠨᠡᠨ ᠨᠡᠷ᠎ᠡ ᠪᠠᠨ ᠭᠡᠷᠡᠴᠢᠯᠡᠭᠦᠯᠦᠭᠰᠡᠨ ᠤ ᠳᠠᠷᠠᠭ᠎ᠠ᠂ ᠲᠠᠪᠴᠠᠩ ᠤᠨ ᠬᠤᠪᠢ ᠬᠥᠮᠥᠨ ᠤ ᠲᠥᠪ ᠤᠨ ︽ᠮᠢᠨᠤ ᠲᠠᠮᠠᠭ᠎ᠠ︾ ᠳᠣᠲᠣᠷ᠎ᠠ ᠬᠤᠪᠢ ᠬᠥᠮᠥᠨ ᠪᠠ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠶᠢ ᠰᠦᠯᠵᠢᠶᠡᠨ ᠳᠡᠭᠡᠷ᠎ᠡ ᠠᠴᠠ ᠭᠤᠶᠤᠴᠢᠯᠠᠨ ᠠᠪᠴᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号