︽ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠬᠤᠭᠤᠯᠠ ᠤᠮᠳᠠ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠵᠢᠷᠤᠮᠵᠢᠯ︾ ᠤᠨ ᠬᠥᠬᠡᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠬᠢᠨᠠᠨ ᠲᠣᠭᠲᠠᠭᠠᠯᠲᠠ ᠳᠤ ᠬᠢᠷᠢ ᠲᠡᠩᠴᠡᠪᠡ
ᠨᠡᠶᠢᠲᠡᠯᠡᠭᠰᠡᠨ ᠴᠠᠭ᠄
2022/5/10
      ︵ᠰᠤᠷᠪᠤᠯᠵᠢᠯᠠᠭᠴᠢ ᠴᠢ ᠰᠢᠶᠣᠣ ᠶᠠᠨ︶ ᠲᠦᠷᠦᠭᠦᠬᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ︽ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠬᠤᠭᠤᠯᠠ  ᠤᠮᠳᠠ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠵᠢᠷᠤᠮᠵᠢᠯ︾ ᠤᠨ ᠬᠥᠬᠡᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃      ᠲᠠᠨᠢᠯᠴᠠᠭᠤᠯᠤᠭᠰᠠᠨ ᠢᠶᠠᠷ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠨᠠᠰᠤᠲᠠᠶᠢᠴᠤᠳ ᠤᠨ ᠬᠤᠭᠤᠯᠠ ᠤᠮᠳᠠ ᠶᠢᠨ ᠦᠢᠯᠡᠴᠢᠯᠡᠭᠡᠨ ᠤ ᠬᠡᠷᠡᠭᠴᠡᠭᠡ ᠤᠯᠠᠮ ᠢᠶᠠᠷ ᠨᠡᠮᠡᠭᠳᠡᠵᠦ ᠪᠠᠶᠢᠨ᠎ᠠ᠂ ᠭᠡᠪᠡᠴᠦ ᠬᠤᠭᠤᠯᠠ ᠤᠮᠳᠠ ᠶᠢᠨ ᠡᠯ᠎ᠡ ᠪᠠᠶᠢᠭᠤᠯᠤᠮᠵᠢ ᠶᠢᠨ ᠬᠠᠲᠠᠭᠤ ᠲᠣᠨᠤᠭ ᠤᠨ ᠲᠣᠬᠢᠷᠠᠭᠤᠯᠤᠯᠲᠠ᠂ ᠦᠢᠯᠡᠴᠢᠯᠡᠭᠡᠨ ᠤ ᠠᠭᠤᠯᠭ᠎ᠠ᠂ ᠢᠳᠡᠭᠡᠨ ᠤ ᠠᠶᠤᠯᠭᠦᠢ ᠵᠡᠷᠭᠡ ᠲᠠᠯ᠎ᠠ ᠪᠠᠷ ᠨᠢᠭᠡᠳᠦᠯᠲᠡᠢ ᠪᠠᠷᠢᠮᠵᠢᠶ᠎ᠠ ᠲᠤᠲᠠᠭᠳᠠᠵᠤ ᠪᠠᠶᠢᠨ᠎ᠠ᠃ ᠡᠭᠦᠨ ᠤ ᠲᠤᠯᠠᠳᠠ᠂ ᠮᠠᠨ ᠤ ᠬᠤᠲᠠ ︽ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠬᠤᠭᠤᠯᠠ ᠤᠮᠳᠠ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠵᠢᠷᠤᠮᠵᠢᠯ︾ ᠤᠨ ᠬᠥᠬᠡᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ ᠨᠠᠰᠤᠵᠢᠯ ᠤᠨ ᠠᠰᠠᠷᠠᠮᠵᠢ ᠶᠢᠨ ᠬᠤᠭᠤᠯᠠ ᠤᠮᠳᠠ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠱᠠᠭᠠᠷᠳᠠᠯᠭ᠎ᠠ᠂ ᠬᠤᠭᠤᠯᠠ ᠢᠳᠡᠬᠦ ᠲᠠᠯᠠᠪᠤᠷ ᠤᠨ ᠱᠠᠭᠠᠷᠳᠠᠯᠭ᠎ᠠ᠂ ᠠᠶᠤᠯᠭᠦᠢ ᠬᠢᠭᠡᠳ ᠲᠦᠭᠰᠢᠭᠦᠷᠢ ᠶᠢ ᠡᠵᠡᠮᠳᠡᠬᠦ ᠲᠠᠯ᠎ᠠ ᠶᠢᠨ ᠠᠭᠤᠯᠭ᠎ᠠ ᠶᠢ ᠵᠢᠷᠤᠮᠵᠢᠭᠤᠯᠵᠤ᠂ ᠡᠭᠦᠨ ᠢᠶᠠᠷ ᠨᠠᠰᠤᠲᠠᠶᠢᠴᠤᠳ ᠤᠨ ᠢᠳᠡᠭᠡᠨ ᠤᠮᠳᠠᠭᠠᠨ ᠤ ᠠᠶᠤᠯᠭᠦᠢ ᠶᠢ ᠪᠠᠲᠤᠯᠠᠵᠤ᠂ ᠨᠠᠰᠤᠵᠢᠯ ᠤᠨ ᠠᠰᠠᠷᠠᠮᠵᠢ ᠶᠢᠨ ᠬᠤᠭᠤᠯᠠ ᠬᠦᠷᠭᠡᠬᠦ ᠦᠢᠯᠡᠴᠢᠯᠡᠭᠡᠨ ᠤ ᠪᠠᠷᠢᠮᠵᠢᠶ᠎ᠠ ᠪᠠ ᠵᠢᠷᠤᠮᠵᠢᠯ ᠢ ᠲᠦᠯᠬᠢᠨ ᠠᠬᠢᠭᠤᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号