︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠣᠶᠢᠷ᠎ᠠ ᠳᠤ ᠣᠶᠢᠯᠠᠭᠠᠭᠰᠠᠨ ᠢᠶᠠᠷ᠂ ᠰᠠᠶᠢᠬᠠᠨ | ᠲᠣᠭᠤᠷᠢᠭ ᠤᠨ ᠬᠢᠩᠭᠠᠨ ᠡᠮᠦᠨ᠎ᠡ ᠵᠠᠮ ᠪᠣᠯᠣᠨ ᠦᠨᠢᠷ ᠵᠡᠭᠦᠨ ᠵᠡᠭᠡᠯᠢ ᠶᠢᠨ ᠠᠭᠤᠯᠵᠠᠷ ᠲᠤ ᠪᠠᠶᠢᠭ᠎ᠠ ᠰᠠᠶᠢᠬᠠᠨ | ᠲᠣᠭᠤᠷᠢᠭ ᠤᠨ ᠦᠨᠢᠷ ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ ᠢ ᠡᠨᠡ ᠵᠢᠯ ᠠᠰᠢᠭᠯᠠᠯᠲᠠ ᠳᠤ | ᠣᠷᠣᠭᠤᠯᠬᠤ ᠪᠠᠷ ᠲᠥᠯᠥᠪᠯᠡᠵᠦ ᠪᠠᠶᠢᠨ᠎ᠠ᠂ ᠵᠢᠱᠢᠯᠲᠡ ᠪᠠᠷ 9 ᠠᠩᠭᠢ ᠳᠤ 270 ᠬᠡᠦᠬᠡᠳ ᠡᠯᠰᠡᠬᠦ ᠪᠣᠯᠤᠨ᠎ᠠ᠃ | ᠲᠠᠨᠢᠯᠴᠠᠭᠤᠯᠤᠭᠰᠠᠨ ᠢᠶᠠᠷ᠂ ᠰᠠᠶᠢᠬᠠᠨ ᠲᠣᠭᠤᠷᠢᠭ ᠤᠨ ᠥᠨᠢᠷ ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ | ᠨᠢ ᠶᠢᠨ ᠴᠧᠩ ᠬᠤᠷᠢᠶᠠᠯᠠᠯ ᠤᠨ ᠬᠦᠷᠢᠶᠡᠨ ᠳᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠢ ᠨᠢ 2600 ᠭᠠᠷᠤᠢ ᠲᠡᠭᠰᠢ | ᠳᠥᠷᠪᠡᠯᠵᠢᠨ ᠮᠧᠲᠷ ᠪᠠᠶᠢᠵᠤ᠂ ᠣᠳᠣᠬᠠᠨ ᠳᠤ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠶᠠᠭ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠶᠠᠪᠤᠭᠳᠠᠭᠤᠯᠵᠤ᠂ ᠪᠠᠷᠢᠯᠭ᠎ᠠ ᠳᠠᠭᠤᠰᠤᠭᠰᠠᠨ ᠤ | ᠳᠠᠷᠠᠭ᠎ᠠ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠪᠠ ᠡᠯ᠎ᠡ ᠵᠦᠢᠯ ᠤᠨ | ᠣᠷᠴᠢᠨ ᠲᠣᠭᠤᠷᠢᠨ ᠤ ᠦᠨᠡᠯᠡᠯᠲᠡ ᠶᠢ ᠰᠢᠯᠭᠠᠨ ᠪᠠᠶᠢᠴᠠᠭᠠᠵᠤ ᠪᠠᠷᠠᠭᠰᠠᠨ ᠤ ᠳᠠᠷᠠᠭ᠎ᠠ ᠬᠡᠦᠬᠡᠳ ᠤᠨ ᠴᠡᠴᠡᠷᠯᠢᠭ | ᠵᠢᠩᠬᠢᠨᠢ ᠪᠠᠷ ᠠᠰᠢᠭᠯᠠᠯᠲᠠ ᠳᠤ ᠣᠷᠣᠬᠤ ᠪᠣᠯᠣᠨ᠎ᠠ᠃ | ᠰᠠᠶᠢᠬᠠᠨ ᠲᠣᠭᠤᠷᠢᠭ ᠤᠨ ᠥᠨᠢᠷ ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ ᠪᠣᠯ ᠠᠯᠪᠠᠨ ᠠᠴᠠ | ᠡᠷᠭᠢᠯᠡᠭᠰᠡᠨ ᠬᠡᠦᠬᠡᠳ ᠤᠨ ᠴᠡᠴᠡᠷᠯᠢᠭ ᠮᠥᠨ᠂ ᠰᠠᠶᠢᠬᠠᠨ ᠲᠣᠭᠤᠷᠢᠭ ᠤᠨ ᠰᠠᠭᠤᠭ᠎ᠠ ᠭᠠᠵᠠᠷ ᠪᠠ ᠡᠷᠦᠬᠡ ᠠᠮᠠ ᠶᠢᠨ | ᠲᠠᠩᠰᠠ ᠨᠢ ᠠᠳᠠᠯᠢᠬᠠᠨ ᠴᠡᠴᠡᠷᠯᠢᠭ ᠲᠤ ᠣᠷᠣᠬᠤ ᠨᠠᠰᠤᠨ ᠤ ᠬᠡᠦᠬᠡᠳ ᠢ ᠡᠯᠰᠡᠨ᠎ᠡ᠂ ᠣᠳᠣᠬᠠᠨ ᠳᠤ ᠵᠢᠨᠴᠧᠩ | ᠲᠣᠭᠤᠷᠢᠭ ᠤᠨ ᠰᠠᠭᠤᠭ᠎ᠠ ᠭᠠᠵᠠᠷ ᠪᠠ ᠡᠷᠦᠬᠡ ᠠᠮᠠ ᠶᠢᠨ ᠲᠠᠩᠰᠠ ᠨᠢ ᠠᠳᠠᠯᠢᠬᠠᠨ ᠴᠡᠴᠡᠷᠯᠢᠭ ᠲᠤ ᠣᠷᠣᠬᠤ | ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠬᠡᠷᠡᠭᠴᠡᠭᠡ ᠶᠢ ᠤᠷᠢᠳᠠᠪᠡᠷ ᠬᠠᠩᠭᠠᠬᠤ ᠪᠠᠷ ᠲᠥᠯᠥᠪᠯᠡᠵᠦ ᠪᠠᠶᠢᠨ᠎ᠠ | ᠂ ᠦᠯᠡᠳᠡᠭᠰᠡᠨ ᠣᠷᠣᠨ ᠲᠤᠭ᠎ᠠ ᠶᠢ ᠪᠤᠰᠤᠳ ᠰᠠᠶᠢᠬᠠᠨ ᠲᠣᠭᠤᠷᠢᠭ ᠤᠨ ᠰᠠᠭᠤᠭ᠎ᠠ ᠭᠠᠵᠠᠷ ᠪᠠ ᠡᠷᠦᠬᠡ ᠠᠮᠠ ᠶᠢᠨ | ᠲᠠᠩᠰᠠ ᠨᠢ ᠠᠳᠠᠯᠢᠬᠠᠨ ᠴᠡᠴᠡᠷᠯᠢᠭ ᠲᠤ ᠣᠷᠣᠬᠤ ᠨᠠᠰᠤᠨ ᠤ ᠬᠡᠦᠬᠡᠳ ᠲᠤ ᠬᠠᠩᠭᠠᠨ᠎ᠠ᠃ ᠬᠠᠮᠤᠭ ᠤᠨ ᠡᠴᠦᠰ ᠤᠨ | ᠪᠣᠳᠠᠲᠠᠢ ᠬᠤᠯᠪᠣᠭᠳᠠᠯ ᠪᠦᠬᠦᠢ ᠰᠣᠷᠣᠭᠴᠢ ᠡᠯᠰᠡᠬᠦ ᠮᠡᠳᠡᠭᠡ ᠵᠠᠩᠭᠢ ᠶᠢ ᠰᠠᠶᠢᠬᠠᠨ ᠲᠣᠭᠤᠷᠢᠭ ᠤᠨ ᠥᠨᠢᠷ ᠵᠡᠭᠦᠨ | ᠵᠡᠭᠡᠯᠢ ᠶᠢᠨ ᠬᠡᠦᠬᠡᠳ ᠤᠨ ᠴᠡᠴᠡᠷᠯᠢᠭ ᠤᠨ ᠸᠢᠴᠠᠲ ᠤᠨ ᠨᠡᠶᠢᠲᠡ ᠶᠢᠨ ᠳ᠋ᠤᠭᠠᠷ ᠠᠴᠠ ᠣᠶᠢᠯᠠᠭᠠᠵᠤ ᠪᠣᠯᠣᠨ᠎ᠠ᠃ | |