ᠬᠤᠲᠣᠩ ᠠᠷᠠᠳ ᠤᠨ ᠲᠣᠭᠤᠷᠢᠭ ᠤᠨ ᠰᠢᠨ᠎ᠡ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠯᠬᠤᠴᠠ ᠶᠢ | ᠲᠦᠷᠭᠡᠳᠬᠡᠵᠦ᠂ ᠴᠡᠪᠡᠷ ᠲᠡᠭᠰᠢ ᠡᠮᠬᠢ ᠳᠢᠭᠯᠢᠮ ᠲᠠᠢ᠂ ᠵᠠᠮ ᠰᠢᠯᠤᠭᠤᠨ᠂ ᠪᠣᠯᠪᠠᠰᠤᠨ ᠰᠠᠶᠢᠬᠠᠨ ᠣᠳᠣᠬᠢᠴᠢᠯᠠᠭᠰᠠᠨ | ᠬᠤᠲᠠ ᠶᠢᠨ ᠲᠣᠭᠤᠷᠢᠭ ᠢ ᠪᠠᠶᠢᠭᠤᠯᠵᠤ᠂ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ | ᠳᠡᠭᠡᠭᠰᠢᠯᠡᠭᠦᠯᠬᠦ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2011 ᠣᠨ ᠤ 12 ᠳ᠋ᠤᠭᠠᠷ ᠰᠠᠷ᠎ᠠ ᠶᠢᠨ 14 ᠤ ᠡᠳᠦᠷ ᠲᠠᠲᠠᠪᠤᠷᠢᠯᠠᠬᠤ ᠲᠣᠭᠲᠠᠭᠠᠯ ᠭᠠᠷᠭᠠᠭᠰᠠᠨ ᠪᠥᠭᠡᠳ ︽ | ᠭᠡᠷ ᠪᠠᠶᠢᠰᠢᠩ ᠲᠠᠲᠠᠪᠤᠷᠢᠯᠠᠬᠤ ᠠᠯᠪᠠᠨ ᠵᠠᠷ︾ ᠢ ᠨᠡᠶᠢᠲᠡᠯᠡᠵᠡᠢ᠃ ᠲᠠᠲᠠᠪᠤᠷᠢᠯᠠᠭᠳᠠᠭᠰᠠᠨ ᠭᠡᠷ ᠪᠠᠶᠢᠰᠢᠩ ᠨᠢ | ᠡᠮᠦᠨᠡᠰᠢ ᠪᠠᠨ ᠴᠢᠩᠭᠢᠰ ᠬᠠᠭᠠᠨ ᠶᠡᠭᠡ ᠵᠡᠭᠡᠯᠢ᠂ ᠬᠤᠶᠢᠰᠢ ᠪᠠᠨ ᠬᠤᠶᠢᠲᠤ ᠬᠤᠶᠠᠳᠤᠭᠠᠷ ᠲᠣᠭᠤᠷᠢᠯ ᠵᠠᠮ᠂ | ᠪᠠᠷᠠᠭᠤᠨᠰᠢ ᠪᠠᠨ ᠴᠠᠩ ᠬᠠᠨ ᠪᠠᠨ ᠤ ᠲᠥᠯᠥᠪᠵᠢᠭᠦᠯᠦᠭᠰᠡᠨ ᠵᠠᠮ᠂ ᠵᠡᠭᠦᠨᠰᠢ ᠪᠠᠨ ᠬᠥᠬᠡ ᠵᠦᠷᠵᠢ ᠶᠢᠨ ᠪᠣᠷᠣ | ᠬᠦᠷᠢᠶᠡᠯᠡᠩ ᠤᠨ ᠲᠥᠷᠥᠯ ᠵᠦᠢᠯ ᠬᠦᠷᠴᠦ᠂ ᠲᠣᠰ ᠤᠳᠠᠭᠠᠨ ᠤ ᠲᠠᠲᠠᠪᠤᠷᠢᠯᠠᠬᠤ ᠬᠡᠪᠴᠢᠶᠡᠨ ᠳᠤ ᠪᠠᠶᠢᠷᠢᠯᠠᠳᠠᠭ᠃ | ᠲᠣᠭᠲᠠᠭᠠᠭᠰᠠᠨ ᠭᠡᠷ᠎ᠡ ᠲᠣᠭᠲᠠᠭᠰᠠᠨ ᠬᠤᠭᠤᠴᠠᠭᠠᠨ ᠳᠤ ᠭᠡᠷ ᠪᠠᠶᠢᠰᠢᠩ ᠢ ᠲᠠᠲᠠᠪᠤᠷᠢᠯᠠᠬᠤ ᠨᠥᠬᠦᠪᠦᠷᠢ ᠶᠢᠨ | ᠵᠥᠪᠯᠡᠯᠴᠡᠭᠡᠷ ᠲᠣᠬᠢᠷᠠᠯᠴᠠᠬᠤ ᠶᠢᠨ ᠠᠷᠭ᠎ᠠ ᠦᠭᠡᠢ᠃ 2022 ᠣᠨ ᠤ 5 ᠳ᠋ᠤᠭᠠᠷ ᠰᠠᠷ᠎ᠠ ᠶᠢᠨ 5 ᠤ ᠡᠳᠦᠷ᠂ | ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠤᠯᠢ ᠶᠣᠰᠣᠭᠠᠷ ︽ᠭᠡᠷ ᠪᠠᠶᠢᠰᠢᠩ ᠢ | ᠲᠠᠲᠠᠪᠤᠷᠢᠯᠠᠬᠤ ᠨᠥᠬᠦᠪᠦᠷᠢ ᠶᠢᠨ ᠲᠣᠭᠲᠠᠭᠠᠯ ᠤᠨ ᠪᠢᠴᠢᠭ︾ ᠭᠠᠷᠭᠠᠪᠠ᠃ | ᠰᠢᠭᠤᠳ ᠬᠦᠷᠭᠡᠬᠦ ᠶᠢᠨ ᠠᠷᠭ᠎ᠠ ᠦᠭᠡᠢ ᠤᠴᠢᠷ ᠠᠴᠠ ᠤᠳᠤ ᠠᠯᠪᠠᠨ ᠵᠠᠷ ᠢᠶᠠᠷ ᠬᠦᠷᠭᠡᠬᠦ ᠠᠷᠭ᠎ᠠ | ᠮᠠᠶ᠋ᠢᠭ ᠢᠶᠠᠷ ︽ᠭᠡᠷ ᠪᠠᠶᠢᠰᠢᠩ ᠢ ᠲᠠᠲᠠᠪᠤᠷᠢᠯᠠᠭᠰᠠᠨ ᠲᠥᠯᠥᠪᠦᠷᠢ ᠶᠢᠨ ᠲᠣᠭᠲᠠᠭᠠᠯ ᠤᠨ ᠪᠢᠴᠢᠭ︾ ᠢ ᠬᠦᠷᠭᠡᠶ᠎ᠡ᠃ | ᠲᠠᠲᠠᠪᠤᠷᠢᠯᠠᠭᠳᠠᠭᠰᠠᠨ ᠬᠥᠮᠥᠨ ᠦ᠋ ᠵᠢᠶᠦ᠋ᠨ ᠼᠠᠢ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ | ᠲᠠᠪᠤᠨ ᠡᠳᠦᠷ ᠤᠨ ᠳᠣᠲᠣᠷ᠎ᠠ ᠲᠠᠲᠠᠪᠤᠷᠢᠯᠠᠭᠰᠠᠨ ᠲᠤᠬᠠᠢ ᠶᠢᠨ ᠲᠠᠯᠠᠪᠤᠷ ᠤᠨ ᠠᠵᠢᠯᠲᠠᠨ ︵ᠬᠠᠷᠢᠯᠴᠠᠬᠤ ᠬᠥᠮᠥᠨ᠄ | ᠤᠲᠠᠰᠤ᠄ ︶ ᠲᠠᠢ ᠬᠠᠷᠢᠯᠴᠠᠵᠤ ︽ᠭᠡᠷ ᠪᠠᠶᠢᠰᠢᠩ ᠢ ᠲᠠᠲᠠᠪᠤᠷᠢᠯᠠᠭᠰᠠᠨ ᠨᠥᠬᠦᠪᠦᠷᠢ | ᠥᠭᠬᠦ ᠲᠣᠭᠲᠠᠭᠠᠯ ᠤᠨ ᠪᠢᠴᠢᠭ︾ ᠢ ᠠᠪᠬᠤ ᠶᠢᠨ ᠬᠠᠮᠲᠤ ᠭᠡᠷ ᠪᠠᠶᠢᠰᠢᠩ ᠢ ᠨᠢ ᠰᠤᠯᠠᠯᠠᠨ ᠪᠤᠴᠠᠭᠠᠬᠤ ᠬᠡᠷᠡᠭᠲᠡᠢ᠂ | ᠬᠤᠭᠤᠴᠠᠭ᠎ᠠ ᠬᠡᠲᠦᠷᠡᠭᠰᠡᠨ ᠤ ᠳᠠᠷᠠᠭ᠎ᠠ ᠬᠦᠷᠭᠡᠭᠰᠡᠨ ᠢᠶᠠᠷ ᠪᠤᠳᠤᠨ᠎ᠠ᠃ | | ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2022 ᠣᠨ ᠤ 5 ᠳ᠋ᠤᠭᠠᠷ ᠰᠠᠷ᠎ᠠ ᠶᠢᠨ 5 ᠤ ᠡᠳᠦᠷ | |