ᠬᠥᠬᠡᠬᠤᠲᠠ ᠳᠤ ᠪᠣᠷᠤᠭᠠᠨ ᠣᠷᠣᠨ᠎ᠠ
ᠨᠡᠶᠢᠲᠡᠯᠡᠭᠰᠡᠨ ᠴᠠᠭ᠄
2022/5/7
      5 ᠳ᠋ᠤᠭᠠᠷ ᠰᠠᠷ᠎ᠠ ᠶᠢᠨ 6 ᠤ ᠡᠳᠦᠷ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ ᠮᠡᠳᠡᠭᠡ ᠨᠡᠶᠢᠲᠡᠯᠡᠵᠦ᠂ 7 ᠤ ᠡᠳᠦᠷ ᠠᠴᠠ 8 ᠤ ᠡᠳᠦᠷ ᠤᠨ ᠥᠷᠯᠥᠭᠡ ᠪᠣᠯᠲᠠᠯ᠎ᠠ ᠪᠥᠬᠦ ᠬᠤᠲᠠ ᠶᠢᠨ ᠶᠡᠬᠡᠩᠬᠢ ᠭᠠᠵᠠᠷ ᠲᠤ ᠪᠣᠷᠣᠭᠠᠨ ᠣᠷᠣᠨ᠎ᠠ ᠭᠡᠵᠡᠢ᠃      ᠴᠢᠩ ᠱᠦᠢ ᠾᠧ ᠰᠢᠶᠠᠨ ᠳᠤ ᠶᠡᠭᠡ ᠪᠣᠷᠣᠭᠠᠨ ᠣᠷᠣᠵᠤ᠂ ᠪᠣᠷᠣᠭᠠᠨ ᠤ ᠬᠡᠮᠵᠢᠶ᠎ᠡ 20 ~ 35mm  ᠬᠦᠷᠦᠨ᠎ᠡ᠃ ᠬᠤᠲᠠ ᠶᠢᠨ ᠲᠣᠭᠤᠷᠢᠭ᠂ ᠲᠦᠮᠡᠳ ᠵᠡᠭᠦᠨ ᠬᠤᠰᠢᠭᠤ᠂ ᠬᠤᠷᠢᠨᠭᠡᠷ ᠰᠢᠶᠠᠨ᠂ ᠲᠣᠭᠲᠠᠬᠤ ᠰᠢᠶᠠᠨ ᠳᠤ ᠳᠤᠮᠳᠠ ᠵᠡᠷᠭᠡ ᠶᠢᠨ ᠪᠣᠷᠣᠭᠠᠨ ᠣᠷᠣᠵᠤ᠂ ᠪᠣᠷᠣᠭᠠᠨ ᠤ ᠬᠡᠮᠵᠢᠶ᠎ᠡ10~25mm ᠬᠦᠷᠦᠨ᠎ᠡ᠃ ᠦᠴᠦᠸᠠᠨ ᠰᠢᠶᠠᠨ ᠳᠤ ᠪᠠᠭ᠎ᠠ ᠪᠣᠷᠣᠭᠠᠨ ᠣᠷᠣᠵᠤ᠂ ᠪᠣᠷᠣᠭᠠᠨ ᠤ ᠬᠡᠮᠵᠢᠶ᠎ᠡ 2~10mm ᠬᠦᠷᠦᠨ᠎ᠡ᠃ ᠪᠣᠷᠣᠭᠠᠨ ᠤ ᠨᠥᠯᠥᠭᠡ ᠪᠠᠷ᠂ 7 ᠤ ᠡᠳᠦᠷ ᠤᠨ ᠡᠳᠦᠷ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ 6℃ ᠣᠷᠴᠢᠮ ᠪᠠᠭᠤᠷᠠᠵᠤ᠂ 8 ᠤ ᠡᠳᠦᠷ ᠡᠳᠦᠷ ᠤᠨ ᠠᠭᠠᠷ ᠤᠨ ᠳᠤᠯᠠᠭᠠᠨ ᠡᠬᠢᠯᠡᠨ ᠳᠡᠭᠡᠭᠰᠢᠯᠡᠨ᠎ᠡ᠃ 7 ᠤ ᠡᠳᠦᠷ ᠤᠨ ᠥᠷᠯᠥᠭᠡ ᠠᠴᠠ ᠰᠥᠨᠢ ᠪᠣᠯᠲᠠᠯ᠎ᠠ᠂ ᠴᠢᠩ ᠱᠦᠢ ᠾᠧ ᠣᠷᠣᠨ ᠳᠤ ᠵᠡᠭᠦᠨ ᠡᠮᠦᠨ᠎ᠡ ᠠᠴᠠ 4᠂ 5 ᠲᠠᠰ ᠤᠨ ᠰᠠᠯᠬᠢ ᠰᠠᠯᠬᠢᠯᠠᠵᠤ᠂ ᠣᠬᠤᠷ ᠬᠤᠭᠤᠴᠠᠭᠠᠨ ᠳᠤ 6 ᠲᠠᠰ ᠪᠤᠶᠤ 6 ᠲᠠᠰ ᠢ ᠳᠠᠪᠠᠵᠤ᠂ ᠪᠤᠰᠤᠳ ᠭᠠᠵᠠᠷ ᠣᠷᠣᠨ ᠳᠤ ᠵᠡᠭᠦᠨ ᠠᠴᠠ 3᠂ 4 ᠲᠠᠰ ᠤᠨ ᠰᠠᠯᠬᠢ ᠰᠠᠯᠬᠢᠯᠠᠨ᠎ᠠ᠃      3 ᠳ᠋ᠤᠭᠠᠷ ᠰᠠᠷ᠎ᠠ ᠠᠴᠠ ᠨᠠᠰᠢ᠂ ᠮᠠᠨ ᠤ ᠬᠤᠲᠠ ᠶᠢᠨ ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ ᠥᠨᠳᠥᠷ᠂ ᠬᠤᠷ᠎ᠠ ᠲᠤᠨᠤᠳᠠᠰᠤ ᠪᠠᠭ᠎ᠠ᠂ ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠠᠨᠠᠢ ᠪᠠᠶᠢᠪᠠ᠂ ᠡᠨᠡ ᠤᠳᠠᠭᠠᠨ ᠤ ᠪᠣᠷᠣᠭᠠᠨ ᠢᠶᠠᠷ᠂ ᠪᠥᠬᠦ ᠬᠤᠲᠠ ᠶᠢᠨ ᠶᠡᠬᠡᠩᠬᠢ ᠭᠠᠵᠠᠷ ᠣᠷᠣᠨ ᠤ ᠪᠣᠷᠣᠭᠠᠨ ᠤ ᠬᠡᠮᠵᠢᠶ᠎ᠡ 10~30mm  ᠬᠦᠷᠴᠦ᠂ ᠬᠥᠷᠥᠰᠥᠨ ᠤ ᠴᠢᠭᠢᠭ ᠢ ᠨᠡᠮᠡᠭᠳᠡᠭᠦᠯᠵᠦ᠂ ᠣᠶᠢᠷ᠎ᠠ ᠶᠢᠨ ᠬᠤᠭᠤᠴᠠᠭᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠠᠰᠢᠭᠲᠠᠢ︔ ᠡᠭᠦᠨ ᠤ ᠬᠠᠮᠲᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠵᠦ ᠴᠢᠳᠠᠨ᠎ᠠ︔ ᠪᠣᠷᠣᠭᠠᠨ ᠤ ᠬᠤᠭᠤᠴᠠᠭᠠᠨ ᠳᠤ ᠦᠵᠡᠭᠳᠡᠴᠡ ᠨᠡᠯᠢᠶᠡᠳ ᠳᠣᠣᠷ᠎ᠠ᠂ ᠵᠠᠮ ᠬᠠᠯᠲᠤᠷᠢᠭ᠎ᠠ ᠲᠠᠢ ᠣᠴᠢᠷ ᠠᠴᠠ ᠤᠯᠠᠨ ᠢᠶᠠᠷ ᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠤᠭᠠᠷᠠᠢ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号