ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠄ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ | ᠶᠣᠰᠣᠭᠠᠷ᠂ ᠪᠠᠶᠠᠨᠨᠠᠭᠤᠷ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠮᠠᠨ ᠤ ᠲᠣᠭᠤᠷᠢᠭ ᠪᠣᠳᠠᠲᠠᠢ | ᠬᠠᠷᠢᠭᠤᠴᠠᠨ᠎ᠠ᠃ ᠲᠤᠰ ᠢᠨᠵᠧᠨᠧᠷᠢᠩ ᠨᠢ ᠡᠮᠦᠨ᠎ᠡ ᠠᠴᠠ ᠡᠮᠦᠨ᠎ᠡ ᠬᠤᠶᠠᠳᠤᠭᠠᠷ ᠲᠣᠭᠤᠷᠢᠯ ᠵᠠᠮ ᠠᠴᠠ ᠡᠮᠦᠨᠡᠰᠢ | 500 ᠮᠥ᠋ᠲᠷ ᠵᠠᠶᠢᠲᠠᠢ᠂ ᠤᠮᠠᠷᠠᠰᠢ ᠪᠠᠨ ᠬᠤᠶᠢᠲᠤ ᠭᠤᠷᠪᠠᠳᠤᠭᠠᠷ ᠲᠣᠭᠤᠷᠢᠯ ᠵᠠᠮ ᠬᠦᠷᠲᠡᠯ᠎ᠡ᠂ ᠪᠦᠬᠦ ᠤᠷᠳᠤ ᠨᠢ | ᠪᠠᠷᠤᠭ 10.43 ᠺᠢᠯᠤᠮᠥᠲᠷ᠂ ᠭᠤᠣᠯ ᠵᠠᠮ ᠪᠦᠬᠦ ᠱᠤᠭᠤᠮ ᠤᠨ ᠥᠨᠳᠥᠷ ᠵᠢᠶᠠᠰᠠ ᠲᠠᠢ᠂ ᠮᠠᠨ ᠤ ᠲᠣᠭᠤᠷᠢᠭ ᠤᠨ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠ ᠭᠤᠣᠯᠳᠠᠯᠭ᠎ᠠ ᠲᠠᠢ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠣᠨ᠎ᠠ᠃ ᠲᠣᠰ ᠢᠨᠵᠧᠨᠧᠷᠢᠩ ᠢ 2018 ᠣᠨ ᠳᠤ ᠡᠬᠢᠯᠡᠭᠦᠯᠵᠦ᠂ ᠤᠮᠠᠷᠠᠲᠤ | ᠬᠤᠶᠠᠳᠤᠭᠠᠷ ᠲᠣᠭᠤᠷᠢᠯ ᠵᠠᠮ ᠠᠴᠠ ᠡᠮᠦᠨᠡᠲᠦ ᠬᠤᠶᠠᠳᠤᠭᠠᠷ ᠲᠣᠭᠤᠷᠢᠯ ᠵᠠᠮ ᠤᠨ ᠬᠡᠰᠡᠭ ᠤᠨ ᠬᠥᠭᠦᠷᠭᠡ ᠶᠢᠨ | ᠪᠠᠷᠢᠯᠭ᠎ᠠ ᠶᠢ ᠨᠢᠭᠡᠨᠲᠡ 2022 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠭᠠᠳ ᠲᠡᠷᠭᠡ | ᠨᠠᠪᠲᠠᠷᠡᠭᠦᠯᠵᠦ᠂ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ ᠪᠥᠬᠦ ᠱᠤᠭᠤᠮ ᠢᠶᠠᠷ ᠲᠡᠷᠭᠡ | ᠨᠡᠪᠲᠡᠷᠡᠭᠦᠯᠬᠦ ᠪᠠᠷ ᠲᠥᠯᠥᠪᠯᠡᠵᠦ ᠪᠣᠶ᠃ | ᠵᠢᠷᠤᠭ ᠲᠥᠯᠥᠪᠯᠡᠭᠡ ᠶᠢᠨ ᠲᠥᠰᠥᠯ ᠢ ᠦᠨᠳᠦᠰᠦᠯᠡᠪᠡᠯ᠂ ᠪᠠᠶᠠᠨᠨᠠᠭᠤᠷ ᠵᠠᠮ ᠬᠢᠭᠡᠳ ᠬᠤᠶᠢᠲᠤ ᠬᠤᠶᠠᠳᠤᠭᠠᠷ | ᠲᠣᠭᠤᠷᠢᠯ ᠵᠠᠮ ᠤᠨ ᠠᠭᠤᠯᠵᠠᠷ ᠤᠨ 4 ᠵᠤᠷᠪᠤᠰ ᠳᠡᠭᠡᠷ᠎ᠡ ᠳᠣᠣᠷ᠎ᠠ ᠵᠥᠷᠢᠯᠢᠭ ᠲᠣᠭᠤᠷᠢᠯ ᠵᠠᠮ ᠤᠨ ᠭᠤᠣᠯ ᠴᠣᠭᠴᠠ | ᠨᠢ ᠤᠤᠯ ᠤᠨ ᠬᠤᠶᠢᠲᠤ ᠬᠤᠶᠠᠳᠤᠭᠠᠷ ᠲᠣᠭᠤᠷᠢᠯ ᠵᠠᠮ ᠤᠨ ᠳᠠᠭᠠᠯᠲᠠ ᠵᠠᠮ ᠳᠤ ᠪᠠᠶᠢᠷᠢᠯᠠᠵᠤ᠂ ᠤᠤᠯ ᠤᠨ ᠬᠤᠶᠢᠲᠤ | ᠬᠤᠶᠠᠳᠤᠭᠠᠷ ᠲᠣᠭᠤᠷᠢᠯ ᠵᠠᠮ ᠤᠨ ᠳᠠᠭᠠᠯᠲᠠ ᠵᠠᠮ ᠢ ᠡᠵᠡᠯᠡᠨ ᠬᠡᠷᠡᠭᠯᠡᠵᠦ᠂ ᠤᠤᠯ ᠤᠨ ᠪᠠᠶᠢᠭᠰᠠᠨ ᠲᠤᠰᠠᠯᠠᠬᠤ ᠵᠠᠮ | ᠵᠢᠴᠢ ᠪᠣᠷᠣᠭᠠᠨ ᠤ ᠤᠰᠤᠨ ᠤ ᠬᠤᠭᠤᠯᠠᠢ ᠨᠢ ᠴᠥᠮ ᠡᠪᠳᠡᠭᠳᠡᠭᠰᠡᠨ ᠪᠠᠶᠢᠨ᠎ᠠ᠃ ᠲᠤᠰᠠᠯᠠᠬᠤ ᠵᠠᠮ ᠤᠨ ᠨᠡᠪᠲᠡᠷᠡᠬᠦ | ᠴᠢᠳᠠᠪᠤᠷᠢ ᠵᠢᠴᠢ ᠤᠰᠤ ᠵᠠᠯᠠᠬᠤ ᠴᠢᠳᠠᠪᠤᠷᠢ ᠶᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ ᠤᠤᠯ ᠤᠨ ᠲᠤᠰᠠᠯᠠᠬᠤ | ᠵᠠᠮ ᠤᠨ ᠰᠠᠭᠤᠷᠢᠨ ᠳᠡᠭᠡᠷ᠎ᠡ 8 ~ 12 ᠮᠧᠲᠷ ᠥᠷᠭᠡᠳᠬᠡᠬᠦ ᠪᠠᠷ ᠲᠥᠯᠥᠪᠯᠡᠵᠦ᠂ ᠤᠮᠠᠷᠠᠲᠤ ᠬᠤᠶᠠᠳᠤᠭᠠᠷ | ᠲᠣᠭᠤᠷᠢᠯ ᠵᠠᠮ ᠤᠨ ᠰᠢᠨ᠎ᠡ ᠲᠤᠰᠠᠯᠠᠬᠤ ᠵᠠᠮ ᠵᠢᠴᠢ ᠪᠣᠷᠣᠭᠠᠨ ᠤ ᠤᠰᠤᠨ ᠤ ᠬᠤᠭᠤᠯᠠᠢ ᠶᠢ ᠰᠢᠨ᠎ᠡ ᠪᠠᠷ | ᠪᠠᠶᠢᠭᠤᠯᠤᠨ᠎ᠠ᠃ | ᠰᠢᠨ᠎ᠡ ᠪᠠᠷ ᠪᠠᠶᠢᠭᠤᠯᠤᠭᠰᠠᠨ ᠬᠤᠶᠢᠲᠤ ᠬᠤᠶᠠᠳᠤᠭᠠᠷ ᠲᠣᠭᠤᠷᠢᠯ ᠵᠠᠮ ᠤᠨ ᠲᠤᠰᠠᠯᠠᠬᠤ ᠵᠠᠮ ᠵᠢᠴᠢ | ᠪᠣᠷᠣᠭᠠᠨ ᠤ ᠤᠰᠤᠨ ᠤ ᠬᠤᠭᠤᠯᠠᠢ ᠳᠤ ᠤᠤᠯ ᠤᠨ ᠪᠠᠶᠢᠭᠰᠠᠨ ᠲᠤᠰᠠᠯᠠᠬᠤ ᠵᠠᠮ ᠤᠨ ᠠᠭᠤᠯᠵᠠᠷ ᠲᠤ 17 ᠵᠠᠮ ᠤᠨ | ᠳ᠋ᠧᠩ ᠤᠨ ᠱᠣᠩ᠂ 2 ᠲᠡᠮᠳᠡᠭ ᠫᠠᠶᠢᠰᠠ᠂ 3 ᠳᠣᠬᠢᠶᠠᠨ ᠳ᠋ᠧᠩ᠂ 1 LED ᠫᠠᠶᠢᠰᠠ᠂ 1 ᠴᠢᠮᠡᠭᠡ ᠬᠤᠯᠪᠣᠭᠠᠨ ᠤ | ᠳᠣᠬᠢᠶᠠᠨ ᠤ ᠰᠤᠪᠤᠷᠭ᠎ᠠ ᠪᠠᠶᠢᠬᠤ ᠵᠠᠮ ᠤᠨ ᠳ᠋ᠧᠩ ᠤᠨ ᠱᠣᠩ᠂ 2 ᠳ᠋ᠤᠭᠠᠷ ᠳᠣᠬᠢᠶᠠᠨ ᠤ ᠳ᠋ᠧᠩ᠂ 3 ᠳ᠋ᠤᠭᠠᠷ | ᠳᠣᠬᠢᠶᠠᠨ ᠤ ᠳ᠋ᠧᠩ᠂ 1 ᠳ᠋ᠤᠭᠠᠷ ᠳᠣᠬᠢᠶᠠᠨ ᠤ ᠰᠤᠪᠤᠷᠭ᠎ᠠ ᠶᠢ ᠨᠤᠷᠠᠭᠠᠬᠤ ᠴᠢᠬᠤᠯᠠᠲᠠᠢ ᠪᠠᠶᠢᠨ᠎ᠠ᠃ ᠲᠤᠰ | ᠢᠨᠵᠧᠨᠧᠷᠢᠩ ᠪᠣᠯ ᠮᠠᠨ ᠤ ᠲᠣᠭᠤᠷᠢᠭ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ | ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤᠷ᠂ ᠲᠤᠰ ᠢᠨᠵᠧᠨᠧᠷᠢᠩ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ | ᠪᠠᠲᠤᠯᠠᠬᠤ ᠶᠢᠨ ᠲᠥᠯᠥᠭᠡ᠂ ᠲᠠᠨ ᠤ ᠲᠣᠪᠴᠢᠶ᠎ᠠ ᠳᠠᠷᠤᠢ ᠲᠦᠷᠭᠡᠨ ᠵᠣᠬᠢᠴᠠᠭᠤᠯᠵᠤ ᠪᠠᠶᠢᠭᠠᠳ ᠳᠡᠭᠡᠷ᠎ᠡ | ᠳᠤᠷᠠᠳᠤᠭᠰᠠᠨ ᠵᠠᠮ ᠬᠠᠷᠢᠯᠴᠠᠭᠠᠨ ᠤ ᠲᠥᠬᠦᠭᠡᠷᠦᠮᠵᠢ ᠲᠥᠬᠦᠭᠡᠷᠦᠮᠵᠢ ᠶᠢ ᠨᠤᠷᠠᠭᠠᠬᠤ ᠶᠢ ᠬᠦᠰᠡᠵᠦ ᠪᠠᠶᠢᠨ᠎ᠠ᠃ | ᠲᠤᠰ ᠵᠠᠬᠢᠳᠠᠯ᠃ | 2022 ᠣᠨ ᠤ 6 ᠳ᠋ᠤᠭᠠᠷ ᠰᠠᠷ᠎ᠠ ᠶᠢᠨ 10 ᠤ ᠡᠳᠦᠷ | | ︵ᠬᠠᠷᠢᠯᠴᠠᠬᠤ ᠬᠥᠮᠥᠨ᠄ ᠶᠠᠩ ᠢᠦᠢ ᠶᠠᠨ᠂ ᠬᠠᠷᠢᠯᠴᠠᠬᠤ ᠤᠲᠠᠰᠤ᠄ 13304710851︶ | | |