ᠰᠢᠯᠭᠠᠯᠲᠠ ᠶᠢᠨ ᠬᠤᠭᠤᠴᠠᠭᠠᠨ ᠳᠤ ᠬᠦᠬᠡᠬᠤᠲᠠ ᠵᠠᠮ ᠬᠠᠷᠢᠯᠴᠠᠭᠠᠨ ᠤ ᠬᠠᠮᠢᠶᠠᠷᠤᠯᠲᠠ ᠬᠡᠷᠡᠭᠵᠢᠬᠦᠯᠦᠨ᠎ᠡ
ᠨᠡᠶᠢᠲᠡᠯᠡᠭᠰᠡᠨ ᠴᠠᠭ᠄
2022/6/2
     ᠬᠦᠬᠡᠬᠤᠲᠠ ᠶᠢᠨ 2022 ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢ 2022 ᠣᠨ ᠤ 6 ᠰᠠᠷ᠎ᠠ ᠶᠢᠨ 7᠂ 8᠂ 9 ᠤ ᠡᠳᠦᠷ ᠬᠢᠨ᠎ᠡ᠂ ᠬᠦᠬᠡᠬᠤᠲᠠ ᠶᠢᠨ ᠬᠢᠨ ᠨᠡᠶᠢᠲᠡ 14 ᠰᠢᠯᠭᠠᠯᠲᠠ ᠶᠢᠨ ᠴᠡᠭ ᠭᠠᠷᠭᠠᠵᠤ᠂ ᠰᠢᠯᠭᠠᠯᠲᠠ ᠶᠢᠨ ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ ᠲᠤᠭᠲᠠᠭᠤᠨ᠂ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠦᠯᠦᠭᠡ᠂ ᠣᠷᠣᠨ ᠤ ᠲᠥᠪ ᠤᠨ ᠵᠠᠮ ᠬᠠᠷᠢᠯᠴᠠᠭᠠᠨ ᠤ ᠴᠠᠭᠳᠠᠭ᠎ᠠ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠤ ᠳᠣᠣᠷᠠᠬᠢ ᠮᠡᠲᠦ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠶᠢ ᠠᠪᠬᠤ ᠪᠠᠷ ᠪᠣᠢ᠄      1.2022 ᠣᠨ ᠤ 6 ᠰᠠᠷ᠎ᠠ ᠶᠢᠨ ᠤ 7᠂ 8᠂ 9 ᠤ ᠡᠳᠦᠷ ᠤᠨ ᠡᠳᠦᠷ ᠪᠦᠷᠢ ᠶᠢᠨ 7:00-18:00 ᠴᠠᠭ ᠲᠤ ᠡᠯ᠎ᠡ ᠲᠥᠷᠥᠯ ᠤᠨ ᠠᠴᠢᠶᠠᠨ ᠤ ᠮᠠᠰᠢᠨ ᠤ ᠬᠤᠶᠠᠳᠤᠭᠠᠷ ᠲᠣᠭᠤᠷᠢᠯ ᠬᠤᠷᠳᠤᠨ ᠤ ᠵᠠᠮ ᠠᠴᠠ ᠳᠣᠲᠤᠭᠰᠢᠬᠢ ᠵᠠᠮ ᠢᠶᠠᠷ ᠨᠡᠪᠲᠡᠷᠡᠬᠦ ᠶᠢ ᠴᠠᠭᠠᠵᠠᠯᠠᠨ᠎ᠠ᠃2.2022 ᠣᠨ ᠤ 6 ᠰᠠᠷ᠎ᠠ ᠶᠢᠨ 7᠂ 8᠂ 9 ᠤ ᠡᠳᠦᠷ ᠤᠨ ᠡᠳᠦᠷ ᠪᠦᠷᠢ ᠶᠢᠨ 7:00-18:00 ᠲᠤ᠂ ᠬᠤᠲᠠ ᠶᠢᠨ ᠲᠣᠭᠤᠷᠢᠭ ᠤᠨ14 ᠰᠢᠯᠭᠠᠯᠲᠠ ᠶᠢᠨ ᠴᠡᠭ ᠤᠨ ᠡᠭᠦᠳᠡᠨ ᠡᠮᠦᠨᠡᠬᠢ ᠵᠢᠴᠢ ᠡᠷᠭᠢᠨ ᠲᠣᠭᠤᠷᠢᠨ ᠤ ᠵᠠᠮ ᠢᠶᠠᠷ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠲᠠᠢ ᠬᠤᠯᠪᠤᠭᠳᠠᠯ ᠦᠭᠡᠢ ᠲᠡᠷᠭᠡ ᠬᠦᠰᠬᠡ ᠶᠢ ᠵᠦᠢ ᠵᠣᠬᠢᠰᠲᠠᠢ ᠬᠤᠪᠢᠶᠠᠷᠢᠯᠠᠨ ᠠᠶᠠᠯᠠᠭᠤᠯᠤᠨ᠎ᠠ᠃      3. 2022  ᠣᠨ ᠤ 6 ᠰᠠᠷ᠎ᠠ ᠶᠢᠨ 7᠂ 8᠂ 9 ᠤ ᠡᠳᠦᠷ ᠤᠨ ᠡᠳᠦᠷ ᠪᠦᠷᠢ ᠶᠢᠨ7:00-18:00 ᠴᠠᠭ ᠲᠤ᠂ ᠬᠤᠲᠠ ᠶᠢᠨ ᠲᠣᠭᠤᠷᠢᠭ ᠤᠨ ᠰᠢᠯᠭᠠᠯᠲᠠ ᠶᠢᠨ ᠴᠡᠭ ᠤᠨ ᠡᠭᠦᠳᠡᠨ ᠡᠮᠦᠨ᠎ᠡ ᠵᠢᠴᠢ ᠣᠶᠢᠷ᠎ᠠ ᠬᠠᠪᠢ ᠶᠢᠨ ᠵᠠᠮ ᠳᠤ ᠪᠦᠷᠢᠶ᠎ᠡ ᠲᠤᠤᠭᠠᠷᠭᠠᠬᠤ ᠶᠢ ᠴᠢᠩᠭ᠎ᠠ ᠬᠤᠷᠢᠭᠯᠠᠨ᠎ᠠ᠃      4. ᠰᠢᠯᠭᠠᠭᠤᠯᠤᠭᠴᠢ ᠶᠢ ᠲᠣᠰᠴᠤ ᠬᠦᠷᠭᠡᠬᠦ ᠲᠡᠷᠭᠡ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠦᠯᠦᠭᠡ᠂ ᠤᠯᠤᠰ ᠤᠨ ᠨᠢᠭᠡᠳᠦᠯᠲᠡᠢ ᠰᠢᠯᠭᠠᠯᠲᠠ ᠲᠠᠢ ᠬᠠᠮᠢᠶ᠎ᠠ ᠦᠭᠡᠢ ᠨᠡᠶᠢᠭᠡᠮ ᠤᠨ ᠲᠡᠷᠭᠡ ᠬᠦᠰᠭᠡ ᠰᠢᠯᠭᠠᠯᠲᠠ ᠶᠢᠨ ᠴᠡᠭ ᠵᠢᠴᠢ ᠡᠷᠬᠢᠨ ᠲᠣᠭᠤᠷᠢᠨ ᠤ ᠵᠠᠮ ᠢᠶᠠᠷ ᠠᠶᠠᠯᠠᠬᠤ ᠶᠢ ᠲᠦᠷ ᠴᠠᠭ ᠬᠤᠷᠢᠭᠯᠠᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ ᠤ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号