| | ᠸᠢᠴᠠᠲ ᠢᠶᠠᠷ ᠲᠠᠩᠰᠠ ᠰᠢᠯᠵᠢᠭᠦᠯᠬᠦ ᠦᠶ᠎ᠡ ᠳᠤ ᠭᠠᠷ ᠤᠲᠠᠰᠤ ᠳᠡᠭᠡᠷ᠎ᠡ ᠴᠢᠨᠢ ᠡᠶᠢᠮᠦᠷᠬᠦ ᠳᠡᠯᠭᠡᠴᠡ ᠢᠯᠡᠷᠡᠵᠤ | ᠪᠠᠶᠢᠪᠠᠯ ᠰᠣᠨᠣᠷ ᠰᠡᠷᠡᠮᠵᠢ ᠪᠠᠨ ᠵᠠᠪᠠᠯ ᠳᠡᠭᠡᠭᠰᠢᠯᠡᠭᠦᠯᠬᠦ ᠬᠡᠷᠡᠭᠲᠡᠶ᠂ ᠡᠨᠡ ᠨᠢ ᠣᠳᠣᠬᠠᠨ ᠤ ᠲᠣᠭᠠᠴᠠᠭ᠎ᠠ ᠳᠤ ᠯᠤᠲᠤ | ᠶᠡᠭᠡ ᠠᠶᠤᠯ ᠲᠦᠭᠰᠢᠭᠦᠷᠢ ᠣᠷᠣᠰᠢᠵᠤ ᠪᠠᠶᠢᠬᠤ ᠶᠢ ᠬᠠᠷᠠᠭᠤᠯᠵᠤ ᠪᠠᠶᠢᠨ᠎ᠠ᠃ | ᠳᠠᠩᠰᠠ ᠰᠢᠯᠵᠢᠭᠦᠯᠬᠦ ᠦᠶ᠎ᠡ ᠳᠤ ᠡᠨᠡ ᠬᠤᠶᠠᠷ ᠵᠦᠢᠯ ᠤᠨ ᠳᠡᠯᠭᠡᠴᠡ ᠢᠯᠡᠷᠡᠪᠡᠯ ᠶᠠᠭᠠᠬᠢᠭᠰᠠᠨ ᠴᠤ | ᠬᠢᠴᠢᠶᠡᠬᠦ ᠬᠡᠷᠡᠭᠲᠡᠶ︕ | ᠡᠨᠡ 15 ᠮᠢᠨᠦ᠋ᠲ ᠪᠣᠯ ᠲᠦᠢᠯ ᠤᠨ ᠵᠠᠩᠭᠢᠯᠠᠭ᠎ᠠ ᠪᠣᠯᠤᠨ᠎ᠠ᠃ ᠵᠣᠭᠤᠰ ᠳᠥᠯᠥᠬᠦ ᠶᠠᠪᠤᠴᠠ ᠳᠤ᠂ | ᠰᠢᠰᠲ᠋ᠧᠮ ᠨᠢᠵᠣᠭᠤᠰ ᠬᠤᠷᠢᠶᠠᠬᠤ ᠲᠠᠯ᠎ᠠ ᠶᠢᠨ ᠲᠠᠩᠰᠠᠨ ᠡᠷᠦᠬᠡ ᠳᠤ ᠬᠡᠪ ᠤᠨ ᠪᠤᠰᠤ ᠣᠨᠴᠠᠯᠢᠭ ᠪᠠᠶᠢᠬᠤ ᠡᠰᠡᠬᠦ ᠶᠢ | ᠢᠯᠭᠠᠨ ᠲᠠᠨᠢᠬᠤ ᠦᠶ᠎ᠡ ᠳᠡᠭᠡᠨ᠂ ᠸᠢᠴᠠᠲ ᠨᠢ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠬᠡᠷᠡᠭᠯᠡᠭᠴᠢ ᠳᠤ | ᠠᠷᠠᠯᠵᠢᠶᠠᠨ ᠤ ᠲᠦᠭᠰᠢᠭᠦᠷᠢ ᠶᠢᠨ ᠰᠡᠷᠡᠮᠵᠢ ᠦᠭᠬᠦ ᠪᠤᠶᠤ ᠬᠤᠷᠢᠭᠯᠠᠯᠲᠠ ᠬᠢᠳᠡᠭ᠃ | ᠵᠣᠭᠤᠰ ᠬᠤᠷᠢᠶᠠᠬᠤ ᠲᠠᠯ᠎ᠠ ᠶᠢᠨ ᠬᠢᠨ ᠤ ᠳᠠᠩᠰᠠᠨ ᠨᠣᠮᠧᠷ ᠨᠢ ᠮᠡᠬᠡᠯᠡᠭᠰᠡᠨ᠂ ᠲᠣᠭᠲᠠᠭᠠᠯ ᠠᠴᠠ | ᠵᠥᠷᠢᠴᠡᠭᠰᠡᠨ᠂ ᠡᠰᠡᠬᠦᠯ᠎ᠡ ᠮᠠᠭᠤ ᠰᠠᠨᠠᠭᠠᠨ ᠤ ᠰᠡᠵᠢᠭᠯᠡᠯᠲᠡᠶ ᠪᠠᠶᠢᠬᠤ ᠶᠢ ᠰᠢᠰᠲ᠋ᠧᠮ ᠨᠢ ᠢᠯᠭᠠᠨ ᠲᠠᠨᠢᠭᠰᠠᠨ ᠤ | ᠳᠠᠷᠠᠭ᠎ᠠ᠂ ᠸᠢᠴᠠᠲ ᠨᠢ ᠠᠷᠠᠯᠵᠢᠶ᠎ᠠ ᠶᠢ ᠬᠠᠰᠢᠵᠤ᠂ ᠬᠡᠷᠡᠭᠯᠡᠭᠴᠢ ᠳᠤ ᠪᠠᠯᠠ ᠮᠥᠩᠭᠦᠨ ᠤ ᠠᠮᠤᠷ ᠲᠦᠪᠰᠢᠨ ᠢ | ᠰᠠᠨᠠᠭᠤᠯᠤᠨ᠂ ᠵᠣᠭᠤᠰ ᠲᠤᠰᠢᠶᠠᠬᠤ ᠬᠡᠷᠡᠭᠯᠡᠭᠴᠢ ᠳᠤ 15 ᠮᠢᠨᠦ᠋ᠲ ᠤᠨ ᠬᠢᠵᠠᠭᠠᠷ ᠲᠠᠢ ᠬᠤᠷᠢᠭᠯᠠᠯᠲᠠ | ᠬᠠᠮᠠᠭᠠᠯᠠᠯᠲᠠ ᠬᠢᠳᠡᠭ ᠪᠠᠶᠢᠨ᠎ᠠ᠃ | ᠸᠢᠴᠠᠲ ᠤᠨ ᠪᠦᠯᠬᠦᠮ ᠢᠯᠡᠷᠬᠡᠶᠢᠯᠡᠬᠦ ᠳᠡᠭᠡᠨ᠂ ᠲᠠ ᠳᠡᠭᠡᠷᠡᠬᠢ ᠢᠮᠦᠷᠬᠦᠦ ᠲᠦᠭᠰᠢᠭᠦᠷᠢ ᠶᠢᠨ ᠰᠠᠨᠠᠭᠤᠯᠤᠮᠵᠢ | ᠪᠤᠶᠤ ᠬᠤᠷᠢᠭᠯᠠᠯᠲᠠ ᠲᠤᠯᠭᠠᠷᠠᠬᠤ ᠦᠶ᠎ᠡ ᠳᠤ ᠶᠠᠭ ᠮᠡᠬᠡᠯᠡᠯ ᠳᠤ ᠤᠴᠠᠷᠠᠵᠤ ᠪᠠᠶᠢᠵᠦ ᠮᠡᠳᠡᠨ᠎ᠡ ᠭᠡᠵᠡᠶ︕ | 15 ᠮᠢᠨᠦ᠋ᠲ ᠤᠨ ︽ᠳᠠᠩᠰᠠ ᠰᠢᠯᠵᠢᠭᠦᠯᠬᠦ ᠲᠠᠶᠢᠪᠤᠭᠤ ᠪᠤᠲᠤᠯᠬᠢᠯᠠᠬᠤ ᠬᠤᠭᠤᠴᠠᠭ᠎ᠠ︾ ᠶᠢᠨ ᠳᠣᠲᠣᠷ᠎ᠠ ᠴᠢ | ᠵᠣᠭᠤᠰ ᠬᠤᠷᠢᠶᠠᠬᠤ ᠲᠠᠯ᠎ᠠ ᠶᠢᠨ ᠪᠡᠶ᠎ᠡ ᠶᠢᠨ ᠭᠠᠷᠤᠯ ᠢ ᠠᠯᠢ ᠴᠢᠳᠠᠬᠤ ᠪᠠᠷ ᠬᠠᠷᠭᠤᠭᠤᠯᠤᠨ ᠲᠣᠳᠣᠯᠠᠵᠤ ︽ᠳᠠᠩᠰᠠ | ᠰᠢᠯᠵᠢᠭᠦᠯᠬᠦ ᠲᠠᠶᠢᠪᠤᠭᠤ ᠪᠤᠲᠤᠯᠬᠢᠯᠠᠬᠤ ᠬᠤᠭᠤᠴᠠᠭ᠎ᠠ︾ ᠦᠩᠭᠡᠷᠡᠭᠰᠡᠨ ᠤ ᠲᠠᠷᠠᠭ᠎ᠠ ᠬᠢᠨᠠᠵᠤ ᠬᠠᠷᠭᠤᠭᠤᠯᠤᠭᠠᠳ | ᠪᠠᠶᠢᠳᠠᠯ ᠢ ᠦᠨᠳᠦᠰᠦᠯᠡᠨ ᠦᠷᠭᠦᠯᠵᠢᠯᠡᠨ ᠲᠥᠯᠥᠬᠦ ᠡᠰᠡᠬᠦ ᠪᠠᠨ ᠰᠣᠩᠭᠤᠵᠤ ᠪᠣᠯᠤᠨ᠎ᠠ᠃ | ᠳᠠᠬᠢᠨ ᠰᠠᠨᠠᠭᠤᠯᠬᠤ ᠨᠢ᠄ | 1 . ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ ᠳᠤ ᠬᠢᠴᠢᠶᠡᠬᠦ ᠬᠡᠷᠡᠭᠲᠡᠶ᠃ ︽ᠤᠷᠢᠳᠠᠪᠠᠷ | ᠵᠣᠭᠤᠰ ᠲᠤᠰᠢᠶᠠᠵᠤ ᠳᠠᠷᠠᠭ᠎ᠠ ᠨᠢ ᠪᠠᠷᠠᠭ᠎ᠠ ᠬᠤᠷᠢᠶᠠᠬᠤ︾ ᠠᠷᠠᠯᠵᠢᠶᠠᠨ ᠤ ᠠᠷᠭ᠎ᠠ ᠬᠡᠯᠪᠡᠷᠢ ᠶᠢᠨ ᠠᠶᠤᠯ | ᠲᠦᠭᠰᠢᠭᠦᠷᠢ ᠮᠠᠰᠢ ᠶᠡᠭᠡ᠂ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ ᠠᠷᠠᠯᠵᠢᠶ᠎ᠠ ᠬᠢᠬᠦ ᠳᠤ ᠰᠣᠨᠣᠷ | ᠰᠡᠷᠡᠮᠵᠢ ᠪᠠᠨ ᠳᠡᠭᠡᠭᠰᠢᠯᠡᠭᠦᠯᠵᠦ᠂ ᠪᠣᠯᠭᠤᠮᠵᠢᠲᠠᠶ ᠨᠤᠲᠠᠯᠠᠨ᠂ ᠠᠯᠢ ᠴᠢᠳᠠᠬᠤ ᠪᠠᠷ ᠢᠲᠡᠭᠡᠮᠵᠢᠲᠡᠶ ᠠᠯᠪᠠᠨ ᠤ | ᠰᠣᠯᠢᠯᠴᠠᠭᠠᠨ ᠤ ᠠᠷᠭ᠎ᠠ ᠵᠠᠮ ᠢ ᠬᠡᠷᠡᠭᠯᠡᠬᠦ ᠬᠡᠷᠡᠭᠲᠡᠶ᠃ ᠢᠩᠭᠢᠪᠡᠯ ᠠᠰᠠᠭᠤᠳᠠᠯ ᠭᠠᠷᠤᠭᠰᠠᠨ ᠴᠤ᠂ ᠲᠠᠪᠴᠠᠩ ᠢᠶᠠᠷ | ᠳᠠᠮᠵᠢᠨ ᠵᠣᠭᠤᠰ ᠪᠤᠴᠠᠭᠠᠵᠤ ᠪᠠᠷᠠᠭ᠎ᠠ ᠪᠤᠴᠠᠭᠠᠵᠤ ᠪᠣᠯᠤᠨ᠎ᠠ᠃ | 2 . ᠲᠣᠭᠠᠴᠠᠭ᠎ᠠ ᠬᠢᠬᠦ ᠦᠶ᠎ᠡ ᠳᠤ᠂ ᠬᠡᠷᠪᠡ ︽ᠲᠦᠭᠰᠢᠭᠦᠷᠢ ᠶᠢᠨ ᠰᠡᠷᠡᠮᠵᠢ︾ ᠶᠢᠨ ᠳᠡᠯᠭᠡᠴᠡ ᠢᠯᠡᠷᠡᠪᠡᠯ | ᠨᠠᠩ ᠢᠯᠡᠭᠦᠦ ᠬᠢᠴᠢᠶᠡᠬᠦ ᠬᠡᠷᠡᠭᠲᠡᠶ᠂ ᠲᠡᠭᠡᠪᠡᠯ ᠲᠠ ᠶᠠᠭ ᠮᠡᠬᠡᠯᠡᠯ ᠳᠤ ᠤᠴᠠᠷᠠᠵᠤ ᠪᠠᠶᠢᠵᠦ ᠮᠡᠳᠡᠨ᠎ᠡ︕ |