2022 ᠣᠨ ᠳᠤ᠂ ᠬᠥᠬᠡᠬᠤᠲᠠ ᠶᠢᠨ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ︽ᠲᠤᠯᠤᠭᠠᠨ | ᠬᠢᠴᠢᠶᠡᠯ ᠲᠠᠪᠤᠨ ᠰᠢᠯᠭᠠᠯᠲᠠ + ᠰᠤᠷᠤᠯᠭ᠎ᠠ ᠲᠡᠭᠦᠰᠬᠦ ᠰᠢᠯᠭᠠᠯᠲᠠ + ᠪᠡᠶ᠎ᠡ ᠮᠠᠬᠠᠪᠤᠳ ᠤᠨ ᠬᠡᠪ ᠴᠢᠨᠠᠷ ᠤᠨ | ᠰᠢᠯᠭᠠᠯᠲᠠ︾ ᠰᠤᠷᠭᠠᠭᠤᠯᠢ ᠳᠡᠪᠰᠢᠬᠦ ᠰᠢᠯᠭᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠬᠦᠯᠦᠨ᠎ᠡ᠃ ᠦᠨᠳᠦᠷ | ᠳᠤᠮᠳᠠᠳᠤ ᠳᠤ ᠳᠡᠪᠰᠢᠬᠦ ᠰᠢᠯᠭᠠᠯᠲᠠ ᠶᠢᠨ ᠶᠡᠷᠦᠩᠬᠡᠢ ᠬᠤᠪᠢ ᠨᠢ 680 ᠬᠤᠪᠢ᠃ ᠡᠭᠦᠨ ᠳᠤ᠂ ᠥᠨᠳᠥᠷ | ᠳᠤᠮᠳᠠᠳᠤ ᠳᠤ ᠳᠡᠪᠰᠢᠬᠦ ᠰᠢᠯᠭᠠᠯᠲᠠ ᠶᠢᠨ ᠶᠡᠷᠦᠩᠬᠡᠢ ᠬᠤᠪᠢ ᠶᠢᠨ ᠪᠦᠷᠢᠨ ᠬᠤᠪᠢ 620 ᠬᠤᠪᠢ᠂ ᠬᠡᠯᠡ ᠪᠢᠴᠢᠭ᠂ | ᠲᠣᠭᠠᠨ ᠤ ᠤᠬᠠᠭᠠᠨ᠂ ᠠᠩᠭ᠍ᠯᠢ ᠬᠡᠯᠡ ᠲᠣᠰ ᠪᠦᠷᠢ 120 ᠬᠤᠪᠢ᠂ ᠨᠡᠶᠢᠭᠡᠮ ᠤᠨ ᠰᠢᠨᠵᠢᠯᠡᠬᠦ ᠤᠬᠠᠭᠠᠨ ᠤ | ᠶᠡᠷᠦᠩᠬᠡᠶᠢᠯᠡᠭᠰᠡᠨ ᠬᠤᠪᠢ 100 ᠬᠤᠪᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠤᠪᠢ | 120 ᠬᠤᠪᠢ᠂ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠶᠢᠨ ᠬᠤᠪᠢ 40 ᠬᠤᠪᠢ ᠃ ᠡᠭᠦᠨ ᠠᠴᠠ | ᠭᠠᠳᠠᠨ᠎ᠠ᠂ ᠠᠩᠬ᠎ᠠ ᠳᠤᠮᠳᠠᠳᠤ ᠶᠢᠨ ᠬᠤᠶᠠᠳᠤᠭᠠᠷ ᠣᠨ ᠤ ᠰᠤᠷᠤᠯᠭ᠎ᠠ ᠲᠡᠭᠦᠰᠬᠦ ᠰᠢᠯᠭᠠᠯᠲᠠ ᠶᠢᠨ ᠠᠮᠢᠳᠤ ᠪᠣᠳᠠᠰ᠂ | ᠭᠠᠵᠠᠷ ᠵᠦᠢ ᠶᠢᠨ ᠶᠡᠷᠦᠩᠬᠡᠶᠢᠯᠡᠭᠰᠡᠨ ᠰᠢᠯᠭᠠᠯᠲᠠ ᠶᠢᠨ ᠬᠤᠪᠢ ᠨᠢ ᠨᠡᠶᠢᠲᠡ 100 ᠬᠤᠪᠢ ᠪᠠᠶᠢᠵᠤ᠂ 60% ᠪᠠᠷ | ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠂ ᠪᠦᠷᠢᠨ | ᠬᠤᠪᠢ 60 ᠬᠤᠪᠢ ᠪᠣᠯᠣᠨ᠎ᠠ᠃ | ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠴᠠᠭ ᠨᠢ 6 ᠳ᠋ᠤᠭᠠᠷ ᠰᠠᠷ᠎ᠠ ᠶᠢᠨ 25 ᠤ ᠡᠳᠦᠷ ᠠᠴᠠ | 27 ᠤ ᠡᠳᠦᠷ ᠪᠣᠯᠣᠨ᠎ᠠ᠂ ᠡᠭᠦᠨ ᠳᠤ 6 ᠳ᠋ᠤᠭᠠᠷ ᠰᠠᠷ᠎ᠠ ᠶᠢᠨ 25 ᠤ ᠡᠳᠦᠷ ᠬᠡᠯᠡ ᠪᠢᠴᠢᠭ ᠪᠠ ᠠᠩᠭ᠍ᠯᠢ ᠬᠡᠯᠡ | ᠰᠢᠯᠭᠠᠵᠤ᠂ 6 ᠳ᠋ᠤᠭᠠᠷ ᠰᠠᠷ᠎ᠠ ᠶᠢᠨ 26 ᠤ ᠡᠳᠦᠷ ᠲᠣᠭᠠᠨ ᠤ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠤ | ᠶᠡᠷᠦᠩᠬᠡᠶᠢᠯᠡᠭᠰᠡᠨ ᠰᠢᠯᠭᠠᠯᠲᠠ ᠬᠢᠵᠦ᠂ 6 ᠳ᠋ᠤᠭᠠᠷ ᠰᠠᠷ᠎ᠠ ᠶᠢᠨ 27 ᠤ ᠡᠳᠦᠷ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠶᠡᠷᠦᠩᠬᠡᠶᠢᠯᠡᠭᠰᠡᠨ ᠰᠢᠯᠭᠠᠯᠲᠠ ᠬᠢᠨ᠎ᠡ᠃ ᠴᠥᠭᠡᠨ ᠲᠣᠭᠠᠲᠤ ᠦᠨᠳᠦᠰᠦᠲᠡᠨ ᠤ ᠬᠡᠯᠡ ᠪᠢᠴᠢᠭ ᠪᠠ | ᠠᠩᠬ᠎ᠠ ᠳᠤᠮᠳᠠᠳᠤ ᠶᠢᠨ ᠬᠤᠶᠠᠳᠤᠭᠠᠷ ᠣᠨ ᠤ ᠠᠮᠢᠳᠤ ᠪᠣᠳᠠᠰ ᠭᠠᠵᠠᠷ ᠵᠦᠢ ᠶᠢᠨ ᠶᠡᠷᠦᠩᠬᠡᠶᠢᠯᠡᠭᠰᠡᠨ ᠰᠢᠯᠭᠠᠯᠲᠠ ᠨᠢ | ᠴᠥᠮ 6 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ ᠶᠠᠪᠤᠭᠳᠠᠨ᠎ᠠ᠃ |