| | ᠰᠤᠷᠪᠤᠯᠵᠢᠯᠠᠭᠴᠢ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠠᠴᠠ ᠣᠶᠢᠯᠠᠭᠠᠭᠰᠠᠨ ᠢᠶᠠᠷ᠂ | ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠪᠥᠬᠦ ᠲᠠᠯ᠎ᠠ ᠪᠠᠷ ᠪᠡᠶ᠎ᠡ | ᠴᠢᠭᠢᠷᠠᠭᠵᠢᠭᠤᠯᠵᠤ ᠮᠦᠰᠦᠨ ᠳᠤ ᠲᠡᠰᠢᠬᠦ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠬᠥᠬᠡᠬᠤᠲᠠ ᠶᠢᠨ ᠪᠡᠶ᠎ᠡ ᠶᠢᠨ | ᠲᠠᠮᠢᠷ ᠤᠨ ᠲᠥᠪ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠣᠷᠳᠣᠨ ᠤ ᠭᠡᠷ ᠳᠣᠲᠣᠷᠠᠬᠢ ᠮᠥᠰᠥᠨ | ᠲᠠᠯᠠᠪᠠᠶ ᠳᠤ ᠶᠠᠪᠤᠭᠳᠠᠪᠠ᠃7 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ᠂ ᠭᠠᠷᠠᠭ ᠪᠦᠷᠢ ᠶᠢᠨ ᠭᠤᠷᠪᠠᠨ ᠤ | ᠦᠳᠡ ᠶᠢᠨ ᠡᠮᠦᠨᠡᠬᠢ 9 ᠴᠠᠭ ᠠᠴᠠ 12 ᠴᠠᠭ ᠪᠣᠯᠲᠠᠯ᠎ᠠ᠂ ᠲᠣᠰ ᠲᠥᠪ ᠤᠨ ᠶᠡᠷᠦᠩᠬᠡᠶᠢᠯᠡᠭᠰᠡᠨ ᠪᠡᠶ᠎ᠡ ᠶᠢᠨ | ᠲᠠᠮᠢᠷ ᠤᠨ ᠣᠷᠳᠣᠨ ᠤ ᠭᠡᠷ ᠳᠣᠲᠣᠷᠠᠬᠢ ᠮᠥᠰᠥᠨ ᠲᠠᠯᠠᠪᠠᠶ ᠶᠢ ᠬᠤᠲᠠ ᠶᠢᠨ ᠠᠷᠠᠳ ᠲᠤ ᠦᠨ᠎ᠡ ᠲᠥᠯᠥᠪᠦᠷᠢ | ᠦᠭᠡᠢ ᠪᠠᠷ ᠨᠡᠭᠡᠭᠡᠨ᠎ᠡ᠃ | ᠣᠶᠢᠯᠠᠭᠠᠭᠰᠠᠨ ᠢᠶᠠᠷ᠂ ᠬᠤᠲᠠ ᠶᠢᠨ ᠠᠷᠠᠳ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠣᠷᠳᠣᠨ ᠤ ᠡᠮᠦᠨ᠎ᠡ | ᠦᠢᠯᠡᠴᠢᠯᠡᠭᠡᠨ ᠤ ᠲᠠᠪᠴᠠᠩ ᠳᠤ ᠬᠦᠷᠴᠦ ᠰᠦᠢᠳᠬᠡᠯ ᠬᠤᠷᠢᠶᠠᠬᠤ ᠦᠭᠡᠢ ᠪᠠᠷ ᠲᠠᠯᠠᠪᠠᠶ ᠳᠤ ᠣᠷᠣᠬᠤ ᠭᠠᠷ | ᠭᠦᠢᠴᠡᠳᠬᠡᠯ ᠬᠢᠬᠦ ᠬᠡᠷᠡᠭᠲᠡᠢ᠂ ᠨᠣᠴᠣᠮᠠᠲᠠᠭᠠᠢ᠂ ᠳᠡᠯᠪᠡᠷᠡᠮᠡᠲᠡᠭᠡᠢ ᠪᠠ ᠢᠯᠵᠢᠷᠡᠮᠡᠲᠡᠭᠡᠢ ᠵᠡᠷᠭᠡ ᠠᠶᠤᠯᠲᠠᠢ ᠪᠣᠳᠠᠰ | ᠵᠢᠴᠢ ᠮᠠᠲᠠᠭ᠎ᠠ ᠬᠢᠲᠤᠭ᠎ᠠ ᠵᠡᠷᠭᠡ ᠬᠠᠮᠢᠶᠠᠷᠴᠤ ᠬᠢᠵᠠᠭᠠᠷᠯᠠᠬᠤ ᠬᠢᠲᠤᠭ᠎ᠠ ᠬᠡᠷᠡᠭᠰᠡᠯ ᠲᠠᠯᠠᠪᠠᠶ ᠳᠤ ᠠᠪᠴᠤ ᠣᠷᠣᠬᠤ ᠶᠢ | ᠴᠢᠩᠭ᠎ᠠ ᠴᠠᠭᠠᠵᠠᠯᠠᠨ᠎ᠠ᠃ ᠮᠥᠰᠥᠨ ᠳᠤ ᠲᠡᠰᠢᠬᠦ ᠨᠢ ᠪᠤᠰᠤᠳ ᠲᠠᠮᠢᠷ ᠤᠨ ᠬᠥᠳᠡᠯᠭᠡᠭᠡᠨ ᠲᠠᠢ ᠠᠳᠠᠯᠢ ᠪᠠᠷ ᠪᠦᠷ | ᠥᠪᠡᠷ ᠤᠨ ᠪᠡᠶ᠎ᠡ ᠪᠤᠶᠤ ᠪᠤᠰᠤᠳ ᠤᠨ ᠦᠢᠯᠡ ᠠᠵᠢᠯᠯᠠᠭ᠎ᠠ ᠠᠴᠠ ᠪᠣᠯᠤᠭᠰᠠᠨ ᠠᠶᠤᠯ ᠲᠦᠭᠰᠢᠭᠦᠷᠢ ᠲᠠᠢ᠂ ᠵᠢᠩᠬᠢᠨᠢ | ᠪᠣᠯᠪᠠᠰᠤᠷᠠᠯ ᠢ ᠦᠩᠭᠡᠷᠡᠭᠰᠡᠨ ᠪᠥᠭᠡᠳ ᠵᠣᠬᠢᠬᠤ ᠮᠡᠷᠭᠡᠵᠢᠯ ᠲᠠᠢ ᠪᠠᠶᠢᠬᠤ ᠬᠡᠷᠡᠭᠲᠡᠢ᠂ ᠲᠠᠯᠠᠪᠠᠢ ᠳᠤ ᠣᠷᠣᠭᠰᠠᠳ | ᠴᠢᠳᠠᠯ ᠤᠨ ᠢᠶᠠᠨ ᠬᠡᠮᠵᠢᠶ᠎ᠡ ᠳᠤ ᠲᠡᠰᠢᠵᠦ᠂ ᠮᠥᠰᠥᠨ ᠳᠤ ᠲᠡᠰᠢᠬᠦ ᠠᠴᠠ ᠪᠣᠯᠤᠭᠰᠠᠨ ᠠᠶᠤᠯ ᠲᠦᠭᠰᠢᠭᠦᠷᠢ ᠶᠢ | ᠥᠪᠡᠷ ᠢᠶᠠᠨ ᠡᠭᠦᠷᠭᠡᠯᠡᠨ᠎ᠡ᠃ ᠬᠡᠷᠪᠡ ᠱᠠᠬᠠᠢ ᠲᠦᠷᠢᠶᠡᠰᠦᠯᠡᠪᠡᠯ ᠠᠰ ᠲᠤᠨᠢ 30 ᠲᠥᠭᠦᠷᠢᠭ ᠬᠤᠷᠢᠶᠠᠨ᠎ᠠ᠂ ᠬᠡᠷᠪᠡ | ᠲᠠᠯᠠᠪᠤᠷ ᠢ ᠳᠠᠭᠠᠭᠠᠴᠢᠯᠠᠬᠤ᠂ ᠪᠣᠯᠪᠠᠰᠤᠷᠠᠬᠤ᠂ ᠠᠵᠢᠯᠯᠠᠭ᠎ᠠ ᠬᠢᠬᠦ ᠵᠡᠷᠭᠡ ᠲᠣᠬᠢᠶᠠᠯᠳᠤᠪᠠᠯ ᠠᠰ ᠲᠤᠨᠢ ᠮᠡᠳᠡᠭᠳᠡᠨ᠎ᠡ᠃ |