| | 6 ᠳ᠋ᠤᠭᠠᠷ ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠮᠧᠬᠠᠨᠢᠭ ᠤᠨ ᠣᠯᠠᠨ ᠤᠯᠤᠰ ᠤᠨ | ᠬᠠᠮᠲᠤᠷᠠᠯᠴᠠᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠳᠥᠭᠦᠮᠴᠢᠯᠡᠭᠡᠳ ︽ᠳᠤᠮᠳᠠᠳᠤ ᠤᠯᠤᠰ ᠤᠨ | ᠮᠧᠬᠠᠨᠢᠭ ᠤᠨ ᠣᠯᠠᠨ ᠤᠯᠤᠰ ᠤᠨ ᠺᠣᠮᠫᠠᠨᠢ︾ ᠭᠡᠳᠡᠭ︶ ᠠᠴᠠ ᠭᠤᠣᠯᠯᠠᠨ ᠡᠷᠭᠢᠯᠡᠭᠰᠡᠨ 2022 ᠠᠷᠪᠠᠳᠤᠭᠠᠷ | ᠬᠤᠭᠤᠴᠠᠭᠠᠨ ᠤ ᠬᠥᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠵᠢᠴᠢ ᠰᠢᠨ᠎ᠡ | ᠡᠨᠧᠷᠭᠢ ᠶᠢᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠥᠪᠥᠷ ᠮᠣᠩᠭᠤᠯ ᠤᠨ ᠣᠯᠠᠨ ᠤᠯᠤᠰ ᠤᠨ | ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃ | ᠲᠣᠰ ᠬᠤᠭᠤᠴᠠᠭᠠᠨ ᠤ ᠮᠠᠰᠢᠨ ᠲᠡᠷᠭᠡᠨ ᠤ ᠦᠵᠡᠭᠦᠯᠦᠯᠭᠡ 5 ᠡᠳᠦᠷ ᠶᠠᠪᠤᠭᠳᠠᠵᠤ᠂ ᠥᠪᠥᠷ | ᠮᠣᠩᠭᠤᠯ ᠤᠨᠡᠨᠡ ᠵᠢᠯ ᠤᠨ ᠠᠩᠬᠠᠳᠠᠭᠴᠢ ᠲᠣᠮᠣ ᠬᠡᠯᠪᠡᠷᠢ ᠶᠢᠨ ᠮᠠᠰᠢᠨ ᠲᠡᠷᠭᠡᠨ ᠤ ᠦᠵᠡᠭᠦᠯᠦᠯᠭᠡ ᠪᠣᠯᠣᠨ᠎ᠠ᠂ | ᠦᠵᠡᠭᠦᠯᠦᠯᠭᠡ ᠨᠢ ᠦᠷᠭᠦᠯᠵᠢᠯᠡᠨ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ | ᠲᠥᠪ ᠤᠨ ᠭᠤᠣᠯ ᠣᠷᠳᠣᠨ ᠵᠢᠴᠢ ᠡᠮᠦᠨ᠎ᠡ ᠬᠤᠶᠢᠨ᠎ᠠ ᠠᠭᠤᠳᠠᠮ ᠲᠠᠯᠠᠪᠠᠶ ᠶᠢ ᠬᠡᠷᠡᠭᠯᠡᠵᠦ᠂ ᠦᠵᠡᠭᠦᠯᠦᠯᠭᠡ ᠶᠢᠨ | ᠲᠠᠯᠠᠪᠠᠢ 7 ᠲᠦᠮᠡ ᠰᠢᠬᠠᠮ ᠲᠡᠭᠰᠢ ᠳᠥᠷᠪᠡᠯᠵᠢᠨ ᠮᠧᠲᠷ ᠬᠦᠷᠴᠦ ᠪᠣᠢ᠃ | ︽ᠠᠷᠤ ᠭᠠᠵᠠᠷ ᠤᠨ ᠨᠢᠭᠡᠳᠦᠭᠡᠷ ᠮᠠᠰᠢᠨ ᠲᠡᠷᠭᠡᠨ ᠤ ᠦᠵᠡᠭᠦᠯᠦᠯᠭᠡ︾ ᠬᠡᠮᠡᠭᠳᠡᠭᠰᠡᠨ ᠬᠥᠬᠡᠬᠤᠲᠠ ᠶᠢᠨ | ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠶᠢ ᠳᠠᠷᠠᠭᠠᠯᠠᠨ 13 ᠠᠮᠵᠢᠯᠲᠠᠲᠠᠢ ᠡᠷᠬᠢᠯᠡᠵᠦ᠂ ᠣᠲᠣ | ᠪᠣᠯᠲᠠᠯ᠎ᠠ ᠥᠪᠥᠷ ᠮᠣᠩᠭᠤᠯ ᠤᠨ ᠪᠠᠷᠢᠮᠵᠢᠶ᠎ᠠ ᠪᠠᠷ ᠬᠠᠮᠤᠭ ᠤᠨ ᠥᠨᠳᠥᠷ᠂ ᠬᠡᠪᠴᠢᠶ᠎ᠡ ᠪᠠᠷ ᠬᠠᠮᠤᠭ ᠤᠨ ᠶᠡᠭᠡ᠂ | ᠤᠮᠠᠷᠠᠲᠤ ᠣᠷᠣᠨ ᠵᠢᠴᠢ ᠪᠠᠷᠠᠭᠤᠨ ᠬᠤᠶᠢᠲᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠬᠤᠳᠠᠯᠳᠤᠭᠠᠴᠢᠨ ᠤ | ᠦᠵᠡᠰᠬᠦᠯᠡᠩ ᠳᠤ ᠣᠷᠤᠯᠴᠠᠬᠤ ᠬᠡᠮ ᠪᠠᠷᠢᠮᠵᠢᠶ᠎ᠠ ᠬᠠᠮᠤᠭ ᠤᠨ ᠥᠨᠳᠥᠷ ᠣᠯᠠᠨ ᠤᠯᠤᠰᠴᠢᠯᠠᠭᠰᠠᠨ ᠲᠤᠰᠬᠠᠢ | ᠮᠡᠷᠭᠡᠵᠢᠯ ᠤᠨ ᠮᠠᠰᠢᠨ ᠲᠡᠷᠭᠡᠨ ᠤ ᠦᠵᠡᠭᠦᠯᠦᠯᠭᠡ ᠪᠣᠯᠤᠨ᠎ᠠ᠃ ᠲᠣᠰ ᠬᠤᠭᠤᠴᠠᠭᠠᠨ ᠤ ᠮᠠᠰᠢᠨ ᠲᠡᠷᠭᠡᠨ ᠤ | ᠦᠵᠡᠭᠦᠯᠦᠯᠭᠡ ᠳᠤ 80 ᠭᠠᠷᠤᠢ ᠲᠦᠷᠦᠯ ᠲᠡᠮᠳᠡᠭᠲᠦ ᠶᠢᠨ ᠳᠣᠣᠷᠠᠬᠢ 700 ᠰᠢᠬᠠᠮ ᠮᠠᠰᠢᠨ ᠲᠡᠷᠭᠡᠨ ᠤ ᠬᠡᠯᠪᠡᠷᠢ | ᠣᠯᠠᠨ ᠲᠠᠢ ᠵᠣᠯᠭᠠᠨ᠎ᠠ︔ ᠦᠵᠡᠭᠦᠯᠦᠯᠭᠡ ᠶᠢᠨ ᠬᠤᠭᠤᠴᠠᠭᠠᠨ ᠳᠤ 12 ᠲᠠᠯᠠᠪᠤᠷ 13 ᠵᠦᠢᠯ ᠤᠨ ᠰᠢᠨ᠎ᠡ ᠮᠠᠰᠢᠨ | ᠲᠡᠷᠭᠡ ᠨᠡᠶᠢᠲᠡᠯᠡᠬᠦ ᠬᠤᠷᠠᠯ ᠬᠢᠨ᠎ᠡ︔ ᠬᠤᠳᠠᠯᠳᠤᠨ ᠠᠪᠬᠤ ᠭᠠᠶᠢᠯᠢ ᠶᠢ ᠬᠠᠭᠠᠰ ᠢᠶᠠᠷ ᠬᠠᠰᠤᠬᠤ ᠪᠠ | ᠦᠢᠯᠡᠳᠪᠦᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠠᠮᠲᠤ ᠳᠤᠨᠢ ᠬᠦᠷᠳᠡᠭᠡᠨ᠎ᠡ᠃ | ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠤᠢ ᠪᠠᠶᠢᠳᠠᠯ ᠤᠨ ᠳᠣᠣᠷ᠎ᠠ᠂ | ᠲᠣᠰ ᠬᠤᠭᠤᠴᠠᠭᠠᠨ ᠤ ᠮᠠᠰᠢᠨ ᠲᠡᠷᠭᠡᠨ ᠤ ᠦᠵᠡᠭᠦᠯᠦᠯᠭᠡ ᠨᠢ ᠵᠠᠰᠠᠭ ᠤᠨ ᠣᠷᠳᠣᠨ ᠤ ᠡᠯ᠎ᠡ ᠵᠦᠢᠯ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠵᠠᠬ᠎ᠠ | ᠳᠡᠯᠭᠡᠭᠦᠷ ᠤᠨ ᠬᠡᠷᠡᠭᠯᠡᠭᠡᠨ ᠤ ᠬᠦᠴᠦᠨ ᠢ ᠪᠠᠳᠠᠷᠠᠭᠤᠯᠵᠤ᠂ ᠥᠪᠥᠷ ᠮᠣᠩᠭᠤᠯ ᠤᠨ ᠮᠠᠰᠢᠨ ᠲᠡᠷᠭᠡᠨ ᠤ ᠠᠵᠢᠯ | ᠲᠥᠷᠥᠯ ᠤᠨ ᠬᠢᠨ ᠤ ᠢᠲᠡᠭᠡᠯ ᠵᠣᠷᠢᠭ ᠢ ᠬᠦᠪᠴᠢᠯᠡᠬᠦ ᠪᠣᠯᠤᠨ᠎ᠠ᠃ |