| | ᠣᠶᠢᠷ᠎ᠠ ᠳᠤ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠮᠡᠬᠡᠯᠡᠯ ᠢ | ᠡᠰᠡᠷᠭᠦᠴᠡᠬᠦ ᠲᠥᠪ ᠠᠴᠠ ᠪᠠᠯᠠ ᠣᠷᠣᠭᠤᠯᠤᠯᠲᠠ ᠶᠢᠨ ᠲᠠᠪᠴᠠᠩ ᠢᠶᠠᠷ ᠣᠪᠯᠠᠨ ᠮᠡᠬᠡᠯᠡᠭᠰᠡᠨ ᠣᠯᠠᠨ ᠬᠡᠷᠡᠭ ᠢ ᠬᠢᠨᠠᠨ | ᠬᠡᠮᠵᠢᠵᠦ ᠢᠯᠡᠷᠡᠭᠦᠯᠪᠡ᠃ ᠮᠡᠬᠡᠯᠡᠭᠴᠢᠳ ᠵᠢᠩ ᠳ᠋ᠦᠩ ᠮᠥᠩᠭᠦᠨ ᠭᠦᠢᠯᠭᠡᠭᠡ᠂ ᠮᠠ ᠱᠠᠩ ᠮᠥᠩᠭᠦᠨ ᠭᠦᠢᠯᠭᠡᠭᠡ᠂ | 360 ᠵᠢᠭᠡᠯᠡᠯᠭᠡ ᠶᠢᠨ ᠪᠠᠷᠢᠮᠲᠠ ᠵᠡᠷᠭᠡ ᠲᠠᠪᠴᠠᠩ ᠢᠶᠠᠷ ᠣᠪᠯᠠᠵᠤ᠂ ᠶᠡᠭᠡ ᠬᠡᠮᠵᠢᠶᠡᠨ ᠤ ︽ᠴᠢᠳᠭᠦᠷ︾ | ᠮᠠᠶ᠋ᠢᠭ ᠤᠨ APP ᠶᠢ ᠭᠠᠷᠭᠠᠵᠤ᠂ ᠠᠳᠠᠯᠢᠪᠲᠤᠷ ᠲᠡᠮᠳᠡᠭ ᠪᠠ ᠦᠢᠯᠡᠳᠭᠦᠨ ᠤ ᠲᠠᠨᠢᠯᠴᠠᠭᠤᠯᠭ᠎ᠠ ᠪᠠᠷ ᠬᠤᠳᠠᠯ | ᠬᠠᠭᠤᠷᠮᠠᠭ ︽ᠪᠠᠭ᠎ᠠ ᠲᠤᠭ᠎ᠠ ᠪᠠᠷ ᠠᠰᠢᠭ ᠪᠤᠴᠠᠭᠠᠬᠤ︾ ᠵᠡᠷᠭᠡ ᠪᠠᠷ ᠰᠦᠯᠵᠢᠶᠡᠨ ᠢᠷᠭᠡᠳ ᠢ ᠥᠳᠥᠭᠡᠨ | ᠰᠤᠷᠪᠤᠯᠵᠢᠯᠠᠭ᠎ᠠ ᠬᠢᠯᠭᠡᠵᠦ ᠪᠠᠭᠤᠯᠭᠠᠨ ᠠᠪᠤᠭᠤᠯᠬᠤ ᠶᠢᠨ ᠤᠯᠠᠮ ᠢᠶᠠᠷ ᠮᠡᠬᠡᠯᠡᠯ ᠶᠠᠪᠤᠭᠤᠯᠵᠤ ᠪᠠᠶᠢᠨ᠎ᠠ᠃ ᠬᠡᠰᠡᠭ | ᠮᠡᠬᠡᠯᠡᠯ ᠤᠨ ᠲᠠᠪᠴᠠᠩ ᠨᠢ ᠴᠢᠨᠠᠭᠰᠢᠯᠠᠭᠠᠳ ︽ᠤᠯᠤᠰ ᠤᠨ ᠥᠮᠴᠢᠯᠡᠯ ᠤᠨ ᠠᠵᠤ ᠠᠬᠤᠶᠢᠯᠠᠯ︾ ᠤᠨ ᠨᠡᠷ᠎ᠡ ᠪᠠᠷ | ᠬᠡᠷᠡᠭᠯᠡᠭᠴᠢᠳ ᠢ ᠲᠠᠲᠠᠵᠤ᠂ ᠵᠠᠷᠢᠮ ᠰᠦᠯᠵᠢᠶᠡᠨ ᠢᠷᠭᠡᠳ ᠲᠤ ᠯᠤᠲᠤ ᠶᠡᠭᠡ ᠡᠳ᠋ ᠬᠥᠷᠥᠩᠭᠡ ᠶᠢᠨ ᠬᠤᠬᠢᠷᠠᠯ | ᠤᠴᠠᠷᠠᠭᠤᠯᠵᠤ ᠪᠤᠢ᠃ | ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ | ᠵᠢᠭᠠᠵᠤ ᠭᠠᠷᠭᠠᠭᠰᠠᠨ ᠨᠢ᠂ ᠮᠡᠬᠡᠯᠡᠭᠴᠢᠳ ᠪᠠᠯᠠ ᠣᠷᠣᠭᠤᠯᠤᠯᠲᠠ ᠶᠢᠨ ᠲᠠᠪᠴᠠᠩ ᠢᠶᠠᠷ ᠣᠪᠯᠠᠵᠤ ᠰᠦᠯᠵᠢᠶᠡᠨ | ᠢᠷᠭᠡᠳ ᠢ ᠥᠳᠥᠭᠡᠨ ᠮᠡᠬᠡᠯᠡᠵᠦ᠂ ᠰᠦᠯᠵᠢᠶᠡᠨ ᠢᠷᠭᠡᠳ ᠲᠤ ᠬᠦᠨᠳᠦ ᠨᠣᠴᠢᠲᠠᠶ ᠡᠳ᠋ ᠬᠥᠷᠥᠩᠭᠡ ᠶᠢᠨ ᠬᠤᠬᠢᠷᠠᠯ | ᠤᠴᠠᠷᠠᠭᠤᠯᠵᠤ ᠮᠡᠳᠡᠬᠦ ᠪᠥᠭᠡᠳ ᠪᠠᠰᠠ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠵᠤ ᠮᠡᠳᠡᠬᠦ ᠪᠣᠯᠬᠤᠷ | ᠭᠦᠢᠴᠡᠳ ᠠᠩᠬᠠᠷᠬᠤ ᠬᠡᠷᠡᠭᠲᠡᠶ᠃ ᠥᠷᠭᠡᠨ ᠣᠯᠠᠨ ᠲᠦᠮᠡᠨ ᠠᠯᠪᠠᠨ ᠶᠣᠰᠣᠨ ᠤ ᠠᠷᠭ᠎ᠠ ᠵᠠᠮ ᠢᠶᠠᠷ | ᠳᠠᠮᠵᠢᠭᠤᠯᠤᠨ APP ᠶᠢ ᠪᠠᠭᠤᠯᠭᠠᠬᠤ ᠬᠡᠷᠡᠭᠲᠡᠶ︔ ᠠᠯᠪᠠᠨ ᠤ ᠪᠤᠰᠤ ᠦᠢᠯᠡᠴᠢᠯᠡᠭᠡᠨ ᠤ ᠬᠠᠷᠢᠯᠴᠠᠬᠤ ᠪᠠᠶᠢᠳᠠᠯ | ᠭᠠᠷᠪᠠᠯ᠂ ᠨᠥᠭᠦᠭᠡ ᠡᠲᠡᠭᠡᠳ ᠤᠨ ᠢᠶᠠᠨ ᠪᠡᠶ᠎ᠡ ᠶᠢᠨ ᠭᠠᠷᠤᠯ ᠢ ᠬᠢᠨᠠᠨ ᠪᠠᠶᠢᠴᠠᠭᠠᠬᠤ ᠬᠡᠷᠡᠭᠲᠡᠢ᠂ ᠲᠠᠩᠰᠠ ᠰᠢᠯᠵᠢᠭᠦᠯᠬᠦ | ᠠᠵᠢᠯᠯᠠᠭ᠎ᠠ ᠶᠢ ᠬᠢᠵᠦ ᠪᠣᠯᠬᠤ ᠥᠬᠡᠶ᠃ APP ᠳᠡᠯᠭᠡᠭᠦᠷ ᠵᠡᠷᠭᠡ ᠲᠠᠪᠴᠠᠩ ᠨᠢ APP ᠶᠢ ᠪᠠᠭᠤᠯᠭᠠᠵᠤ ᠪᠣᠯᠬᠤ | ᠠᠮᠤᠷ ᠲᠦᠪᠰᠢᠨ ᠤ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠬᠤᠳᠠᠯ ᠬᠠᠭᠤᠷᠮᠠᠭ APP ᠵᠠᠪᠰᠢᠶᠠᠨ ᠢ | ᠳᠠᠯᠢᠮᠳᠠᠭᠤᠯᠵᠤ᠂ ᠥᠷᠭᠡᠨ ᠣᠯᠠᠨ ᠰᠦᠯᠵᠢᠶᠡᠨ ᠢᠷᠭᠡᠳ ᠢ ᠬᠤᠬᠢᠷᠠᠭᠤᠯᠬᠤ ᠶᠢ ᠰᠡᠷᠭᠡᠶᠢᠯᠡᠬᠦ ᠬᠡᠷᠡᠭᠲᠡᠶ᠃ |