︽ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/1
     ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠷᠭᠡᠨ ᠬᠦᠭᠵᠢᠬᠦ ᠶᠢ ᠦᠨᠡᠨᠬᠦ ᠠᠬᠢᠭᠤᠯᠤᠨ᠂  ᠨᠡᠶᠢᠲᠡ ᠣᠯᠠᠨ ᠢᠶᠠᠷ ᠢᠶᠠᠨ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠰᠡᠳᠬᠢᠴᠡ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ  ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠪᠡᠯᠡ ᠣᠷᠣᠭᠤᠯᠤᠨ ᠦᠢᠯᠡᠰ ᠬᠥᠭᠵᠢᠭᠦᠯᠬᠦ ᠳᠤ ᠲᠥᠬᠦᠮ ᠦᠵᠡᠭᠦᠯᠵᠦ᠂ ᠶᠠᠰᠤ ᠴᠢᠨᠠᠷ ᠤᠨ ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠵᠦ᠂ ᠬᠥᠬᠡᠬᠤᠲᠠ ᠶᠢᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠩᠭᠠᠨ᠎ᠠ᠃      ᠬᠤᠶᠠᠷ᠂ ᠭᠤᠣᠯ ᠠᠭᠤᠯᠭ᠎ᠠ      ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠥᠯ︾ ᠢ ᠨᠡᠶᠢᠲᠡ ᠳᠥᠷᠪᠡᠨ ᠶᠡᠭᠡ ᠬᠡᠰᠡᠭ ᠲᠤ ᠬᠤᠪᠢᠶᠠᠪᠠ      ᠨᠢᠭᠡᠳᠦᠭᠡᠷ ᠬᠡᠰᠡᠭ ᠨᠢ ᠵᠢᠯᠤᠭᠤᠳᠬᠤ ᠦᠵᠡᠯ ᠰᠠᠨᠠᠭ᠎ᠠ ᠪᠣᠯᠣᠨ᠎ᠠ᠂ ᠡᠭᠦᠨ ᠳᠤ ︽ᠴᠢᠨᠠᠷ ᠰᠠᠶᠢᠲᠠᠢ ᠦᠢᠯᠡᠴᠢᠯᠡᠭᠡ ᠪᠠᠷ ᠪᠡᠯᠡ ᠣᠷᠣᠭᠤᠯᠤᠨ ᠦᠢᠯᠡᠰ ᠬᠥᠭᠵᠢᠭᠦᠯᠬᠦ ᠳᠤ ᠲᠥᠬᠦᠮ ᠦᠵᠡᠭᠦᠯᠵᠦ᠂ ᠶᠠᠰᠤ ᠴᠢᠨᠠᠷ ᠤᠨ ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠬᠦ︾ ᠵᠢᠯᠤᠭᠤᠳᠬᠤ ᠦᠵᠡᠯ ᠰᠠᠨᠠᠭ᠎ᠠ ᠶᠢ  ᠳᠣᠳᠤᠷᠬᠠᠶᠢᠯᠠᠪᠠ᠃      ᠬᠤᠶᠠᠳᠤᠭᠠᠷ ᠬᠡᠰᠡᠭ ᠨᠢ ᠬᠥᠭᠵᠢᠯᠲᠡ ᠶᠢᠨ ᠬᠠᠷᠠᠯᠲᠠ ᠪᠣᠯᠣᠨ᠎ᠠ᠂ ᠡᠭᠦᠨ ᠳᠤ 2022 ᠣᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ ᠨᠡᠮᠡᠭᠳᠡᠭᠦᠯᠬᠦ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠪᠠ᠃      ᠭᠤᠷᠪᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠣᠯᠣᠨ᠎ᠠ᠂ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠬᠡᠷᠬᠢᠨ ᠦᠨᠡᠨ ᠬᠦ ᠪᠠᠲᠤᠯᠠᠬᠤ ᠲᠤᠬᠠᠢ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠡᠭᠦᠨ ᠳᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ  ᠢ ᠰᠢᠯᠢᠳᠡᠭᠵᠢᠭᠦᠯᠬᠦ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ᠂ ᠠᠵᠤ ᠠᠬᠤᠶᠢᠯᠠᠯ  ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠭᠦ ᠬᠠᠷᠠᠭᠠᠯᠵᠠᠯ ᠤᠨ ᠲᠥᠷᠥ  ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠴᠢᠯᠡᠭᠡ ᠶᠢ ᠴᠢᠩᠭᠠᠳᠬᠠᠬᠤ᠂ ᠭᠤᠥᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ  ᠢ ᠬᠠᠮᠠᠭᠠᠯᠠᠬᠤ ᠵᠡᠷᠭᠡ ᠲᠠᠪᠤᠨ ᠲᠠᠯ᠎ᠠ  ᠶᠢᠨ 23 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃      ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠬᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ ᠬᠢᠨᠠᠨ ᠰᠢᠯᠭᠠᠵᠤ ᠬᠢᠨᠠᠨ ᠬᠡᠮᠵᠢᠬᠦ ᠶᠢ ᠴᠢᠩᠭᠠᠳᠬᠠᠬᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠠᠴᠠ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃      ᠭᠤᠷᠪᠠ᠂ ᠭᠤᠣᠯ ᠪᠣᠯᠬᠤ ᠬᠢᠯᠠᠰ ᠴᠡᠭ      ᠨᠢᠭᠡ ᠳᠤ᠂ ᠬᠥᠭᠵᠢᠯᠲᠡ ᠶᠢᠨ ᠬᠠᠷᠠᠯᠲᠠ ᠶᠢ ᠲᠣᠳᠤᠷᠬᠠᠶᠢᠯᠠᠪᠠ᠃ ᠲᠥᠰᠥᠯ ᠳᠤ 2022 ᠣᠨ ᠤ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ ᠨᠡᠮᠡᠭᠳᠡᠭᠦᠯᠬᠦ ᠬᠠᠷᠠᠯᠲᠠ ᠶᠢ ᠲᠣᠳᠣᠷᠬᠠᠢ  ᠲᠣᠭᠲᠠᠭᠠᠪᠠ᠂ 2021 ᠣᠨ ᠤ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠨ᠎ᠡ ᠪᠠᠷ ᠨᠡᠮᠡᠭᠳᠡᠭᠰᠡᠨ ᠪᠠᠶᠢᠳᠠᠯ ᠢ ᠦᠨᠳᠦᠰᠦᠯᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠪᠥᠬᠦ ᠬᠤᠲᠠ ᠶᠢᠨ ᠨᠡᠮᠡᠭᠳᠡᠯ ᠳᠤ ᠡᠵᠡᠯᠡᠬᠦ ᠬᠠᠷᠢᠴᠠᠯ ᠢᠶᠠᠷ ᠡᠨᠡ ᠵᠢᠯ ᠪᠡᠶᠡᠯᠡᠭᠦᠯᠬᠦ ᠪᠠᠷ ᠵᠢᠱᠢᠭᠰᠡᠨ ᠨᠡᠮᠡᠭᠳᠡᠯ ᠤᠨ ᠬᠡᠮᠵᠢᠶ᠎ᠡ ᠶᠢ ᠵᠢᠭᠰᠠᠭᠠᠪᠠ᠃      ᠬᠤᠶᠠᠷ ᠲᠤ ᠬᠠᠮᠲᠤᠷᠠᠨ ᠬᠦᠴᠦᠯᠡᠬᠦ ᠶᠢ ᠳᠣᠪᠤᠶᠢᠯᠭᠠᠪᠠ᠃ ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠣᠷ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠤᠰᠬᠠᠢ ᠠᠩᠭᠢ ᠭᠠᠷᠭᠠᠵᠤ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠪᠦᠷᠢᠯᠳᠦᠭᠦᠨ ᠨᠢᠭᠡᠴᠡ ᠪᠠᠷ ᠪᠦᠷᠢᠯᠳᠦᠭᠰᠡᠨ ᠬᠤᠲᠠ ᠶᠢᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠳᠤᠷᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠨ᠂ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃     ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠳᠠ ᠶᠢᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠡᠭᠦᠷᠭᠡ ᠬᠠᠷᠠᠯᠲᠠ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠬᠠᠷᠢᠯᠴᠠᠬᠤ ᠬᠥᠮᠥᠨ᠄ ᠯᠢᠦ ᠢᠦᠢ᠂ ᠬᠠᠷᠢᠯᠴᠠᠬᠤ ᠬᠡᠯᠪᠡᠷᠢ᠄ 5699710
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号