ᠵᠢᠷᠤᠭᠲᠤ ᠲᠠᠶᠢᠯᠤᠮᠵᠢ᠄ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠠᠨ ᠤ ᠭᠡᠷ ᠤᠨ ᠵᠡᠭᠦᠨ ᠲᠣᠭᠤᠷᠢᠭ ᠤᠨ ᠲᠦᠷᠦᠯ ᠵᠦᠢᠯ ᠤᠨ ᠥᠮᠴᠢᠯᠡᠯ ᠤᠨ ᠡᠷᠬᠡ ᠶᠢ ᠡᠷᠦᠬᠡ ᠬᠤᠪᠢᠶᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/8/17
      ᠮᠠᠨ ᠤ ᠭᠡᠷ ᠤᠨ ᠵᠡᠭᠦᠨ ᠲᠣᠭᠤᠷᠢᠭ ᠤᠨ ᠲᠦᠷᠦᠯ ᠵᠦᠢᠯ ᠨᠢ ᠭᠤᠸᠠᠩ ᠮᠢᠩ ᠵᠠᠮ ᠠᠴᠠ ᠤᠮᠠᠷᠠᠰᠢ᠂ ᠬᠥᠬᠡᠬᠤᠲᠠ ᠶᠢᠨ ᠪᠣᠯᠣᠳ ᠲᠡᠮᠦᠷ ᠤᠨ ᠪᠠᠭ᠎ᠠ ᠲᠣᠭᠤᠷᠢᠭ ᠠᠴᠠ ᠵᠡᠭᠦᠨᠰᠢ᠂ ᠠᠯᠠᠱᠠ ᠶᠢᠨ ᠬᠤᠶᠢᠲᠤ ᠵᠠᠮ ᠠᠴᠠ ᠪᠠᠷᠠᠭᠤᠨᠰᠢ᠂ ᠪᠣᠯᠣᠳ ᠬᠡᠪᠰᠢᠭᠦᠯᠬᠦ ᠬᠤᠶᠢᠲᠤ ᠵᠠᠮ ᠠᠴᠠ ᠡᠮᠦᠨᠡᠰᠢ ᠳᠤ ᠪᠠᠶᠢᠷᠢᠯᠠᠵᠤ᠂ ᠥᠪᠥᠷ ᠮᠣᠩᠭᠤᠯ ᠤᠨ ᠶᠢᠨ ᠱᠢ ᠮᠥ᠋ᠩ ᠷᠦᠩ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠴᠠ 2007 ᠣᠨ ᠳᠤ ᠪᠠᠷᠢᠯᠭ᠎ᠠ ᠡᠬᠢᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠢ ᠨᠢ 18.18 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 15.5 ᠲᠦᠮᠡᠨ ᠲᠡᠭᠰᠢ ᠳᠥᠷᠪᠡᠯᠵᠢᠨ ᠮᠧᠲᠷ᠂ ᠣᠷᠣᠨ ᠰᠠᠭᠤᠴᠠ ᠶᠢᠨ ᠲᠠᠯᠠᠪᠠᠢ ᠨᠢ 14.5 ᠲᠦᠮᠡᠨ ᠲᠡᠭᠰᠢ ᠳᠥᠷᠪᠡᠯᠵᠢᠨ ᠮᠧᠲᠷ᠂ ᠣᠷᠣᠨ ᠰᠠᠭᠤᠴᠠ ᠶᠢᠨ ᠲᠤᠭ᠎ᠠ ᠨᠢ 1890 ᠢᠵᠢ ᠪᠤᠢ᠃ 2019 ᠣᠨ ᠳᠤ ᠪᠥᠬᠦ ᠬᠤᠲᠠ ᠳᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠥᠪᠯᠡᠷᠡᠭᠦᠯᠦᠨ ᠵᠠᠰᠠᠭᠰᠠᠨ ᠠᠴᠠ ᠨᠠᠰᠢ᠂ ᠲᠣᠰ ᠲᠥᠷᠥᠯ ᠵᠦᠢᠯ ᠨᠢ ᠮᠠᠨ ᠤ ᠲᠣᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠯᠡᠳᠡᠭᠳᠡᠵᠦ ᠢᠷᠡᠭᠰᠡᠨ ᠠᠰᠠᠭᠤᠳᠠᠯ ᠳᠤ ᠵᠢᠭᠰᠠᠭᠠᠭᠳᠠᠪᠠ᠃ 2021 ᠣᠨ ᠤ 6 ᠳ᠋ᠤᠭᠠᠷ ᠰᠠᠷ᠎ᠠ ᠳᠤ᠂ ᠲᠣᠰ ᠲᠥᠷᠥᠯ ᠵᠦᠢᠯ ᠳᠤ ᠥᠯᠥ ᠬᠥᠳᠡᠯᠬᠦ ᠬᠥᠷᠥᠩᠭᠡ ᠶᠢ ᠠᠩᠬ᠎ᠠ ᠨᠡᠶᠢᠲᠡᠯᠡᠵᠦ᠂ ᠰᠠᠭᠤᠭᠠᠯᠢ ᠠᠷᠠᠳ ᠤᠨ ᠡᠷᠦᠬᠡ ᠬᠤᠪᠢᠶᠠᠭᠰᠠᠨ ᠥᠮᠴᠢᠯᠡᠯ ᠤᠨ ᠡᠷᠬᠡ ᠶᠢ ᠭᠦᠢᠴᠡᠳᠬᠡᠬᠦ ᠠᠵᠢᠯ ᠢ ᠡᠬᠢᠯᠡᠭᠦᠯᠦᠭᠰᠡᠨ ᠪᠠᠶᠢᠨ᠎ᠠ᠃      ᠥᠯᠥ ᠬᠥᠳᠡᠯᠬᠦ ᠬᠥᠷᠥᠩᠭᠡ ᠶᠢᠨ ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢ ᠭᠦᠢᠴᠡᠳᠬᠡᠬᠦ ᠶᠠᠪᠤᠴᠠ ᠳᠤ᠂ 12 ᠥᠮᠴᠢᠲᠡᠨ ᠤ ᠦᠨᠳᠦᠰᠦᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠨᠢ ᠪᠤᠷᠤᠭᠤᠳᠠᠭᠰᠠᠨ ᠠᠴᠠ ᠪᠣᠯᠵᠤ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠠᠩᠰᠠᠯᠠᠯᠲᠠ ᠶᠢ ᠬᠡᠪ ᠤᠨ ᠪᠠᠶᠢᠳᠠᠯ ᠢᠶᠠᠷ ᠭᠦᠢᠴᠡᠳᠬᠡᠬᠦ ᠶᠢᠨ ᠠᠷᠭ᠎ᠠ ᠦᠭᠡᠢ ᠪᠣᠯᠵᠠᠢ᠃ ᠮᠠᠨ ᠤ ᠲᠣᠭᠤᠷᠢᠭ ᠣᠲᠣ ᠮᠠᠨ ᠤ ᠭᠡᠷ ᠤᠨ ᠵᠡᠭᠦᠨ ᠲᠣᠭᠤᠷᠢᠭ ᠤᠨ ᠲᠥᠷᠥᠯ ᠵᠦᠢᠯ ᠤᠨ 12 ᠢᠵᠢ ᠭᠡᠷ ᠪᠠᠶᠢᠰᠢᠩ ᠤᠨ ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢᠨ ᠭᠠᠷᠳᠠᠮ ᠢ ᠭᠠᠭᠴᠠ ᠲᠠᠯ᠎ᠠ ᠠᠴᠠ ᠬᠦᠴᠦᠨ ᠦᠭᠡᠢ ᠪᠣᠯᠭᠠᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠂ ᠭᠡᠷ ᠤᠨ ᠨᠣᠮᠧᠷ ᠨᠢ᠄ 2 ︱ 1 ︱ 103᠂ 7 ︱ 2 ︱ 401᠂ 7 ︱ 4 ︱ 401᠂ 15 ︱ 1 ︱ 301᠂ 20 ︱ 2 ︱ 202᠂ 18 ︱ 4 ︱ 101᠂ 26 ︱ 2 ︱ 501᠂ 27 ︱ 5 ︱ 401᠂ 19 ︱ 2 ︱ 303᠂ 25 ︱ 1 ︱ 101᠂ 26 ︱ 5 ︱ 503᠂ ᠠᠯᠪᠠᠨ ᠵᠠᠷ ᠤᠨ ᠬᠤᠭᠤᠴᠠᠭ᠎ᠠ ᠨᠢ 2022 ᠣᠨ ᠤ 8 ᠳ᠋ᠤᠭᠠᠷ ᠰᠠᠷ᠎ᠠ ᠶᠢᠨ 17 ᠤ ᠡᠳᠦᠷ ᠠᠴᠠ 2022 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ ᠪᠣᠯᠲᠠᠯ᠎ᠠ᠂ ᠠᠯᠪᠠᠨ ᠵᠠᠷ ᠤᠨ ᠬᠤᠭᠤᠴᠠᠭ᠎ᠠ ᠨᠢ 15 ᠠᠵᠢᠯ ᠤᠨ ᠡᠳᠦᠷ ᠪᠣᠯᠣᠨ᠎ᠠ᠃ ᠣᠨᠳᠣᠣ ᠰᠠᠨᠠᠯ ᠲᠠᠢ ᠪᠣᠯ ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠷᠢᠯᠴᠠᠭᠠᠷᠠᠢ᠂ ᠬᠠᠷᠢᠯᠴᠠᠬᠤ ᠤᠲᠠᠰᠤ᠄ 0471-3820540᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ      2022 ᠣᠨ ᠤ 8 ᠳ᠋ᠤᠭᠠᠷ ᠰᠠᠷ᠎ᠠ ᠶᠢᠨ 17 ᠤ ᠡᠳᠦᠷ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号