ᠴᠢᠩ ᠱᠦᠢ ᠡᠾᠧ ᠰᠢᠶᠠᠨ ᠳᠤ 53 ᠵᠢᠯ ᠤᠨ ᠲᠤᠷᠰᠢᠬᠢ ᠬᠠᠮᠤᠭ ᠤᠨ ᠶᠡᠭᠡ ᠪᠣᠷᠤᠭᠠᠨ ᠣᠷᠣᠪᠠ
ᠨᠡᠶᠢᠲᠡᠯᠡᠭᠰᠡᠨ ᠴᠠᠭ᠄
2022/8/19
     ᠴᠢᠩ ᠱᠦᠢ ᠾᠧ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠠᠵᠢᠯᠲᠠᠨ ᠶᠠᠩ ᠰᠢᠨ᠂ ᠵᠦ ᠵᠢᠶᠠ ᠢ ᠶᠢᠨ ᠲᠠᠨᠢᠯᠴᠠᠭᠤᠯᠤᠭᠰᠠᠨ ᠢᠶᠠᠷ᠂ ᠬᠥᠬᠡᠬᠤᠲᠠ ᠶᠢᠨ ᠴᠢᠩ ᠱᠦᠢ ᠾᠧ ᠰᠢᠶᠠᠨ ᠳᠤ 8  ᠳ᠋ᠤᠭᠠᠷ ᠰᠠᠷ᠎ᠠ ᠶᠢᠨ 17 ᠤ ᠡᠳᠦᠷ ᠤᠨ 23 ᠴᠠᠭ ᠠᠴᠠ ᠡᠬᠢᠯᠡᠨ ᠪᠣᠷᠣᠭᠠᠨ ᠣᠷᠣᠵᠤ᠂ 18 ᠤ ᠡᠳᠦᠷ ᠤᠨ 7 ᠴᠠᠭ ᠪᠣᠯᠲᠠᠯ᠎ᠠ᠂ ᠪᠥᠬᠦ ᠰᠢᠶᠠᠨ ᠳᠤ ᠨᠡᠶᠢᠳᠡᠮ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠲᠤ ᠣᠨᠴᠠ ᠶᠡᠭᠡ ᠰᠢᠷᠦᠭᠦᠨ ᠪᠣᠷᠣᠭᠠᠨ ᠣᠷᠣᠵᠤ᠂ ᠬᠠᠮᠤᠭ ᠤᠨ ᠶᠡᠭᠡ ᠲᠤᠨᠤᠳᠠᠰᠤᠨ ᠤ ᠬᠡᠮᠵᠢᠶ᠎ᠡ ᠨᠢ ᠴᠢᠩ ᠱᠦᠢ ᠾᠧ ᠰᠢᠶᠠᠨ ᠤ ᠯᠣᠸ ᠨᠢᠦ ᠸᠠᠨ ᠪᠠᠯᠭᠠᠰᠤᠨ ᠳᠤ ᠢᠯᠡᠷᠡᠵᠦ᠂ 135.4 ᠮᠢᠯᠢᠮᠧᠲᠷ ᠲᠤ ᠬᠦᠷᠪᠡ᠂ ᠨᠢᠭᠡ ᠴᠠᠭ ᠤᠨ ᠳᠣᠲᠤᠷ᠎ᠠ ᠣᠷᠤᠭᠰᠠᠨ ᠪᠣᠷᠤᠭᠠᠨ ᠤ ᠬᠡᠮᠵᠢᠶ᠎ᠡ ᠪᠠᠷ ᠬᠠᠮᠤᠭ ᠤᠨ ᠶᠡᠭᠡ ᠨᠢ 18 ᠤ ᠡᠳᠦᠷ ᠤᠨ 5 ᠴᠠᠭ ᠠᠴᠠ 6 ᠴᠠᠭ ᠪᠣᠯᠲᠠᠯ᠎ᠠ ᠴᠢᠩ ᠱᠦᠢ ᠾᠧ ᠰᠢᠶᠠᠨ ᠤ ᠲᠢᠶᠠᠨ ᠵᠢᠶᠠ ᠱᠢ ᠫᠠᠨ ᠲᠣᠰᠬᠤᠨ ᠳᠤ ᠣᠷᠤᠵᠤ᠂ ᠴᠠᠭ ᠪᠦᠷᠢ 25.8 ᠮᠢᠯᠢᠮᠧᠲᠷ ᠲᠤ ᠬᠦᠷᠴᠡᠢ᠃ ᠡᠨᠡ ᠤᠳᠠᠭᠠᠨ ᠤ ᠰᠢᠷᠦᠭᠦᠨ ᠪᠣᠷᠣᠭᠠᠨ ᠪᠣᠯ 1969 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠨᠠᠰᠢᠬᠢ ᠬᠠᠮᠤᠭ ᠤᠨ ᠰᠢᠷᠦᠭᠦᠨ ᠪᠣᠷᠣᠭᠠᠨ ᠪᠣᠯᠣᠨ᠎ᠠ᠃    ᠡᠬᠡ ᠪᠢᠴᠢᠭ ᠨᠡᠶᠢᠲᠡᠯᠡᠬᠦ ᠠᠴᠠ ᠡᠮᠦᠨᠡᠬᠢ ᠪᠣᠯᠲᠠᠯ᠎ᠠ᠂ ᠴᠢᠩ ᠱᠦᠢ ᠾᠧ ᠰᠢᠶᠠᠨ ᠳᠤ ᠨᠢᠭᠡᠨᠲᠡ ᠨᠡᠯᠢᠶᠡᠳ ᠶᠡᠭᠡ ᠦᠶᠡᠷ ᠪᠠᠭᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣ ᠶᠠᠭ ᠪᠣᠷᠣᠭᠠᠨ ᠤ ᠪᠠᠶᠢᠳᠠᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂  ᠴᠢᠷᠮᠠᠶᠢᠨ ᠰᠡᠷᠭᠡᠶᠢᠯᠡᠨ ᠬᠤᠷᠢᠭᠯᠠᠵᠤ᠂  ᠪᠠᠴᠢᠮ ᠠᠪᠤᠷᠠᠨ ᠲᠤᠰᠠᠯᠠᠵᠤ ᠪᠠᠶᠢᠨ᠎ᠠ᠃a
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号