ᠨᠡᠶᠢᠭᠡᠮ ᠲᠣᠭᠤᠷᠢᠭ ᠤᠨ ᠬᠢᠨ ᠣᠯᠠᠨ ᠠᠷᠭ᠎ᠠ ᠬᠡᠮᠵᠢᠶ᠎ᠡ ᠠᠪᠴᠤ ᠦᠶᠡᠷ ᠢ ᠰᠡᠷᠭᠡᠶᠢᠯᠡᠬᠦ ᠠᠵᠢᠯ ᠢ ᠥᠷᠨᠢᠭᠦᠯᠵᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2022/8/22
      ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠬᠦᠨᠳᠦ ᠶᠡᠭᠡ ᠴᠠᠭ ᠠᠭᠤᠷ ᠤᠨ ᠭᠠᠮᠰᠢᠭ ︵ᠠᠭᠠᠳᠠᠷ ᠪᠣᠷᠣᠭᠠᠨ︶ ᠤᠨ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠵᠠᠷᠯᠢᠭ ᠢ ᠭᠥᠯᠢᠶᠡᠨ ᠠᠪᠤᠭᠰᠠᠨ ᠠᠴᠠ ᠠᠪᠤᠭᠠᠳ᠂ ᠴᠠᠩ ᠬᠠᠨ ᠪᠠᠨ ᠨᠡᠶᠢᠭᠡᠮ ᠲᠣᠭᠤᠷᠢᠭ ᠤᠨ ᠬᠢᠨ ᠢᠳᠡᠪᠬᠢᠲᠡᠢ ᠠᠵᠢᠯᠯᠠᠭ᠎ᠠ ᠠᠪᠴᠤ᠂ ᠲᠦᠷᠭᠡᠨ ᠲᠤᠰᠬᠠᠯ ᠭᠠᠷᠭᠠᠵᠤ᠂ ᠪᠥᠬᠦ ᠲᠠᠯ᠎ᠠ ᠪᠠᠷ ᠲᠣᠬᠢᠷᠠᠭᠤᠯᠤᠨ᠂ 8 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠠᠷᠢᠶᠠᠲᠤ ᠣᠷᠣᠨ ᠤ ᠦᠶᠡᠷ ᠢ ᠰᠡᠷᠭᠡᠶᠢᠯᠡᠵᠦ ᠦᠶᠡᠷ ᠢ ᠪᠡᠯᠡᠳᠬᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠴᠠᠩ ᠬᠠᠨ ᠪᠠᠨ ᠨᠡᠶᠢᠭᠡᠮ ᠲᠣᠭᠤᠷᠢᠭ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠡᠬᠢᠯᠡᠨ ᠬᠡᠷᠡᠭᠵᠢᠭᠦᠯᠵᠦ᠂ ᠬᠠᠷᠢᠶᠠᠲᠤ ᠣᠷᠣᠨ ᠤ ᠨᠠᠮ ᠤᠨ ᠭᠡᠰᠢᠭᠦᠨ ᠺᠠᠳ᠋ᠷ᠂ ᠰᠦᠯᠵᠢᠶᠡᠨ ᠤ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ ᠵᠡᠷᠭᠡ ᠬᠦᠴᠦᠨ ᠢ ᠵᠣᠬᠢᠶᠠᠨ ᠪᠠᠶᠢᠭᠤᠯᠤᠨ ᠤᠷᠢᠳᠴᠢᠯᠠᠨ ᠰᠡᠷᠡᠮᠵᠢᠯᠡᠭᠦᠯᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠤᠬᠠᠭᠤᠯᠤᠨ ᠬᠥᠲᠥᠯᠥᠨ ᠵᠢᠯᠤᠭᠤᠳᠬᠤ᠂ ᠢᠳᠬᠠᠨ ᠵᠠᠶᠢᠯᠠᠭᠤᠯᠬᠤ ᠵᠡᠷᠭᠡ ᠠᠵᠢᠯ ᠳᠤ ᠢᠳᠡᠪᠬᠢᠲᠡᠢ ᠣᠷᠣᠯᠴᠠᠭᠤᠯᠪᠠ᠃
     ᠴᠢᠩ ᠱᠠᠨ ᠠᠭᠤᠯᠠ ᠶᠢᠨ ᠵᠠᠯᠭᠠᠯᠳᠤᠭᠰᠠᠨ ᠪᠠᠶᠢᠰᠢᠩ ᠤᠨ ᠲᠣᠭᠤᠷᠢᠭ ᠪᠠ ᠭᠤᠣᠯ ᠤᠨ ᠵᠠᠮ ᠢ ᠲᠣᠭᠤᠷᠢᠨ ᠪᠠᠶᠢᠴᠠᠭᠠᠵᠤ ᠬᠢᠨᠠᠨ ᠡᠵᠡᠮᠳᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠲᠠᠯᠳᠠ ᠭᠡᠮ ᠣᠷᠣᠰᠢᠵᠤ ᠪᠠᠶᠢᠭ᠎ᠠ 15 ᠡᠷᠤᠭᠡ ᠪᠠᠶᠢᠰᠢᠩ ᠨᠤᠷᠠᠬᠤ ᠠᠶᠤᠯᠲᠠᠢ ᠭᠡᠷ ᠪᠠᠶᠢᠰᠢᠩ ᠤᠨ ᠡᠷᠤᠭᠡ ᠳᠤ ᠨᠡᠭᠦᠵᠦ ᠶᠠᠪᠤᠬᠤ ᠮᠡᠳᠡᠭᠳᠡᠯ ᠪᠠᠭᠤᠯᠭᠠᠭᠰᠠᠨ ᠪᠥᠭᠡᠳ ᠪᠠᠶᠢᠰᠢᠩ ᠤᠨ ᠲᠣᠭᠤᠷᠢᠭ ᠲᠤ ᠦᠶᠡᠷ ᠢ ᠰᠡᠷᠭᠡᠶᠢᠯᠡᠬᠦ ᠠᠯᠪᠠᠨ ᠵᠠᠷ ᠨᠠᠭᠠᠪᠠ᠃      ᠡᠯ᠎ᠡ ᠬᠡᠰᠡᠭ ᠰᠦᠯᠵᠢᠶᠡᠨ ᠤ ᠠᠵᠢᠯᠲᠠᠨ ᠰᠠᠭᠤᠭᠠᠯᠢ ᠠᠷᠠᠳ ᠲᠤ ︽ᠰᠢᠷᠦᠭᠦᠨ ᠪᠣᠷᠣᠭᠠᠨ ᠤ ᠴᠠᠭ ᠠᠭᠤᠷ ᠤᠨ ᠠᠮᠤᠷ ᠲᠦᠪᠰᠢᠨ ᠢᠶᠠᠷ ᠠᠶᠠᠯᠠᠨ ᠶᠠᠪᠤᠬᠤ ᠵᠦᠭᠯᠡᠭᠦᠷ︾ ᠪᠠ ︽ᠴᠢᠬᠤᠯᠠ ᠴᠠᠭ ᠠᠭᠤᠷ ᠤᠨ ᠰᠠᠨᠠᠭᠤᠯᠤᠮᠵᠢ︾ ᠶᠢᠨ ᠸᠢᠳᠢᠤ᠋ ᠪᠠ ᠲᠠᠭᠤᠨ ᠤ ᠳᠠᠪᠲᠠᠮᠵᠢ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠪᠠ᠃      ᠦᠶᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ ᠴᠢᠶᠠᠨ ᠴᠢᠨ ᠶᠤᠸᠠᠨ ᠤ ᠨᠢᠭᠡᠳᠦᠭᠡᠷ ᠬᠤᠭᠤᠴᠠᠭᠠᠨ ᠤ ᠰᠠᠭᠤᠭᠠᠯᠢ ᠠᠷᠠᠳ ᠤᠨ ᠲᠣᠭᠤᠷᠢᠭ ᠤᠨ ᠡᠯ᠎ᠡ ᠠᠰᠠᠷ ᠤᠨ ᠵᠠᠮ ᠤᠨ ᠡᠭᠦᠳᠡ ᠵᠢᠴᠢ ᠭᠠᠵᠠᠷ ᠳᠣᠣᠷᠠᠬᠢ ᠥᠷᠥᠭᠡᠨ ᠤ ᠰᠠᠯᠬᠢ ᠨᠡᠪᠲᠡᠷᠡᠬᠦ ᠠᠮᠠᠰᠠᠷ ᠵᠡᠷᠭᠡ ᠪᠣᠷᠣᠭᠠᠨ ᠤ ᠤᠰᠤ ᠶᠢ ᠬᠢᠯᠪᠠᠷᠬᠠᠨ ᠴᠢᠳᠬᠤᠳᠠᠭ ᠭᠠᠵᠠᠷ ᠲᠤ ᠤᠷᠢᠳᠴᠢᠯᠠᠨ 480 ᠤᠭᠤᠲᠠ ᠡᠯᠡᠰᠦᠨ ᠤᠭᠤᠲᠠ ᠲᠠᠯᠪᠢᠵᠤ᠂ ᠬᠤᠶᠠᠳᠤᠭᠠᠷ ᠬᠤᠭᠤᠴᠠᠭᠠᠨ ᠤ ᠰᠠᠭᠤᠭᠠᠯᠢ ᠠᠷᠠᠳ ᠤᠨ ᠲᠣᠭᠤᠷᠢᠭ ᠤᠨ ᠭᠠᠵᠠᠷ ᠳᠣᠣᠷᠠᠬᠢ ᠲᠡᠷᠭᠡᠨ ᠵᠣᠭᠰᠣᠭᠠᠯ ᠤᠨ ᠣᠷᠣᠵᠤ ᠭᠠᠷᠬᠤ ᠭᠠᠵᠠᠷ ᠲᠤ 150 ᠤᠭᠤᠲᠠ ᠡᠯᠡᠰᠦᠨ ᠤᠭᠤᠲᠠ ᠲᠠᠯᠪᠢᠵᠠᠢ᠃      ᠠᠵᠢᠯᠲᠠᠳ ᠢ 24 ᠴᠠᠭ ᠢᠶᠠᠷ ᠵᠢᠵᠢᠭᠦᠷᠯᠡᠨ ᠰᠠᠬᠢᠵᠤ᠂ ᠴᠢᠮᠡᠭᠡ ᠬᠤᠯᠪᠣᠭ᠎ᠠ ᠶᠢ ᠰᠠᠭᠠᠳ ᠦᠭᠡᠢ ᠨᠠᠪᠲᠠᠷᠡᠭᠦᠯᠵᠦ᠂ ᠲᠦᠭᠰᠢᠭᠦᠷᠢᠲᠦ ᠪᠠᠶᠢᠳᠠᠯ ᠭᠠᠷᠪᠠᠯ ᠲᠡᠷᠡ ᠳᠠᠷᠤᠢ ᠳᠤᠨᠢ ᠭᠥᠯᠢᠶᠡᠨ ᠠᠪᠬᠤ᠂ ᠳᠡᠭᠡᠭᠰᠢ ᠮᠡᠳᠡᠭᠦᠯᠬᠦ  ᠶᠢᠨ ᠬᠠᠮᠲᠤ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠬᠠᠷᠢᠶ᠎ᠠ ᠣᠷᠣᠨ ᠤ ᠥᠷᠭᠡᠨ ᠣᠯᠠᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号