ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠭᠠᠳᠠᠨ᠎ᠠ ᠠᠴᠠ ᠢᠷᠡᠭᠰᠡᠨ ᠪᠣᠳᠠᠰ ᠤᠨ ᠲᠦᠷᠦᠯ ᠢ ᠨᠡᠶᠢᠳᠡᠮ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/8/22
      ︽ᠬᠥᠬᠡᠬᠤᠲᠠ ᠶᠢᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠲᠥᠰᠥᠯ︾ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠥᠷᠥᠯ ᠢ ᠨᠡᠶᠢᠳᠡᠮ ᠪᠠᠶᠢᠴᠠᠭᠠᠬᠤ ᠠᠵᠢᠯ ᠢ ᠰᠢᠨᠵᠢᠯᠡᠬᠦ ᠤᠬᠠᠭᠠᠨᠴᠢ ᠡᠮᠬᠢ ᠳᠢᠭᠯᠢᠮ ᠲᠠᠢ ᠠᠬᠢᠭᠤᠯᠵᠤ᠂ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠠᠵᠢᠯᠲᠠᠨ ᠢ ᠢᠳᠡᠪᠬᠢᠲᠡᠢ ᠵᠣᠬᠢᠶᠠᠨ ᠪᠠᠶᠢᠭᠤᠯᠵᠤ᠂ 8 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠲᠣᠩ ᠠᠷᠠᠳ ᠤᠨ ᠲᠣᠭᠤᠷᠢᠭ ᠤᠨ ᠳ᠋ᠦᠩ ᠫᠧᠩ ᠽᠢ ᠲᠣᠰᠬᠤᠨ ᠠᠴᠠ ᠡᠬᠢᠯᠡᠨ᠂ 110 ᠤᠯᠤᠰ ᠤᠨ ᠵᠠᠮ᠂ ᠡᠯ᠎ᠡ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠲᠠᠯᠠᠪᠤᠷ ᠭᠠᠵᠠᠷ᠂ ᠭᠤᠣᠯ ᠤᠨ ᠵᠠᠮ ᠵᠢᠴᠢ ᠰᠢᠶᠠᠩ ᠪᠠᠯᠭᠠᠰᠤᠨ ᠤ ᠪᠠᠶᠢᠭ᠎ᠠ ᠭᠠᠵᠠᠷ ᠵᠡᠷᠭᠡ ᠪᠠᠷ ᠳᠡᠮᠵᠢᠨ ᠬᠢᠯᠢ ᠪᠠᠷ ᠣᠷᠣᠵᠤ ᠭᠠᠷᠬᠤ ᠬᠢᠵᠠᠭᠠᠷ ᠣᠷᠣᠨ ᠳᠤ ᠬᠦᠷᠴᠦ᠂ ᠶᠢᠦ ᠶᠢᠦ ᠪᠠᠨ ᠪᠠᠯᠭᠠᠰᠤᠨ ᠤ ᠪᠣᠶ ᠪᠦᠬᠦᠢ ᠲᠣᠰᠬᠤᠨ ᠢ ᠬᠠᠮᠤᠷᠤᠨ᠂ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠥᠷᠥᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃
     ᠡᠳᠦᠭᠡ ᠪᠣᠯᠲᠠᠯ᠎ᠠ ᠳ᠋ᠦᠩ ᠫᠧᠩ ᠽᠢ ᠲᠣᠰᠬᠤᠨ᠂ ᠪᠠᠷᠠᠭᠤᠨ ᠤᠰᠤ ᠲᠣᠰᠬᠤᠨ᠂ ᠵᠡᠭᠦᠨ ᠤᠰᠤ ᠲᠣᠰᠬᠤᠨ᠂ ᠬᠤᠤ ᠯᠠᠢ ᠭᠧᠦ ᠲᠣᠰᠬᠤᠨ ᠵᠢᠴᠢ ᠵᠢᠩ ᠯᠢᠶᠠᠩ ᠲᠠᠯ᠎ᠠ ᠨᠤᠲᠤᠭ᠂ ᠤᠰᠤ ᠤᠢ ᠰᠢᠭᠤᠢ ᠶᠢᠨ ᠴᠡᠴᠡᠷᠯᠢᠭ ᠵᠡᠷᠭᠡ ᠭᠠᠵᠠᠷ ᠲᠤ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠦᠷᠦᠯ ᠢ ᠨᠡᠶᠢᠳᠡᠮ ᠪᠠᠶᠢᠴᠠᠭᠠᠵᠤ ᠳᠠᠩᠰᠠᠯᠠᠨ ᠭᠡᠷᠡᠯ ᠵᠢᠷᠤᠭ ᠳᠠᠮᠵᠢᠭᠤᠯᠬᠤ ᠵᠡᠷᠭᠡ ᠠᠵᠢᠯ ᠢ ᠬᠢᠵᠦ᠂ ᠤᠳᠤ ᠨᠢᠭᠡᠨᠲᠡ ᠲᠦᠷᠢᠵᠦ ᠣᠷᠣᠭᠰᠠᠨ ᠤᠷᠭᠤᠮᠠᠯ ᠳᠤ ᠡᠮ ᠳᠤ ᠣᠷᠣᠬᠤ ᠪᠠᠭᠪᠠᠭᠠᠢ ᠴᠡᠴᠡᠭ᠂ ᠥᠷᠭᠡᠰᠦᠲᠦ ᠴᠡᠴᠡᠭᠲᠦ ᠯᠤᠤᠲᠤ ᠴᠡᠴᠡᠭ᠂ ᠠᠮᠪᠷᠣᠰ ᠡᠪᠡᠰᠦ᠂ ᠨᠣᠭᠤᠭᠠᠨ ᠭᠤᠴᠣᠯᠠᠯ ᠨᠣᠭᠤᠭ᠎ᠠ᠂ ᠬᠠᠭᠤᠷᠮᠠᠭ ᠬᠥᠬᠡ ᠳᠡᠯᠳᠡᠦ ᠵᠡᠷᠭᠡ ᠠᠷᠪᠠᠨ ᠬᠡᠳᠦᠨ ᠲᠦᠷᠦᠯ ᠤᠨ ᠭᠠᠳᠠᠨ᠎ᠠ ᠠᠴᠠ ᠣᠷᠣᠵᠤ ᠢᠷᠡᠭᠰᠡᠨ ᠤᠷᠭᠤᠮᠠᠯ ᠪᠠᠶᠢᠬᠤ ᠶᠢ ᠣᠯᠵᠤ ᠮᠠᠲᠠᠵᠠᠢ᠃ ᠲᠡᠭᠦᠨ ᠤ ᠳᠣᠲᠣᠷ᠎ᠠ ᠪᠦᠬᠦᠶᠢᠯᠡ ᠤᠰᠤᠲᠤ ᠶᠢᠨ ᠭᠤᠣᠯ ᠤᠨ ᠵᠠᠮ ᠢᠶᠠᠷ ᠲᠠᠷᠬᠠᠵᠤ ᠪᠠᠶᠢᠭ᠎ᠠ ᠥᠷᠭᠡᠰᠦᠲᠦ ᠴᠡᠴᠡᠭ ᠤᠨ ᠳᠤᠭᠲᠤᠶᠢᠲᠤ ᠯᠤᠤᠲᠤ ᠴᠡᠴᠡᠭ ᠪᠣᠯ ᠣᠳᠣᠬᠠᠨ ᠳᠤ ᠢᠯᠡᠷᠡᠭᠦᠯᠦᠭᠰᠡᠨ ᠬᠤᠣᠷ ᠬᠥᠨᠥᠭᠡᠯ ᠢᠶᠠᠷ ᠬᠠᠮᠤᠭ ᠤᠨ ᠬᠦᠨᠳᠦ ᠨᠣᠴᠢᠲᠠᠢ ᠭᠠᠳᠠᠨ᠎ᠠ ᠠᠴᠠ ᠣᠷᠣᠵᠤ ᠢᠷᠡᠭᠰᠡᠨ ᠤᠷᠭᠤᠮᠠᠯ ᠪᠣᠯᠣᠨ᠎ᠠ᠃ ᠮᠠᠨ ᠤ ᠲᠣᠪᠴᠢᠶ᠎ᠠ ᠨᠢᠭᠡᠨᠲᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠠᠪᠴᠤ᠂ ᠵᠢᠱᠢᠯᠲᠡ ᠪᠠᠷ ᠨᠢᠭᠡ ᠭᠠᠷᠠᠭ ᠤᠨ ᠳᠣᠲᠣᠷ᠎ᠠ ᠤᠰᠤᠲᠤ ᠶᠢᠨ ᠭᠤᠣᠯ ᠤᠨ ᠵᠠᠮ ᠳᠣᠲᠣᠷᠠᠬᠢ ᠪᠣᠶ ᠪᠦᠬᠦᠢ ᠥᠷᠭᠡᠰᠦᠲᠦ ᠴᠡᠴᠡᠭ ᠢ ᠪᠦᠬᠦᠨ ᠢ ᠠᠷᠢᠯᠭᠠᠵᠤ ᠰᠢᠲᠠᠭᠠᠵᠤ ᠪᠤᠯᠠᠭᠠᠳ᠂ ᠨᠠᠩ ᠶᠡᠭᠡ ᠬᠡᠪᠴᠢᠶ᠎ᠡ ᠪᠠᠷ ᠲᠠᠷᠬᠠᠭᠠᠨ ᠤᠷᠭᠤᠭᠤᠯᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠳᠤ ᠬᠤᠣᠷ ᠬᠥᠨᠥᠭᠡᠯ ᠤᠴᠠᠷᠠᠭᠤᠯᠬᠤ   ᠠᠴᠠ ᠵᠠᠶᠢᠯᠠᠰᠬᠢᠵᠦ᠂ ᠲᠠᠷᠢᠶᠠᠴᠢᠳ ᠲᠤ ᠠᠵᠤ ᠠᠬᠤᠢ ᠶᠢᠨ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠨ᠎ᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号