| | ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠠᠴᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠨᠥᠬᠦᠪᠦᠷᠢ ᠪᠡᠯᠡ | ᠮᠥᠩᠭᠦ 4101 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ ᠳᠡᠭᠡᠳᠦ ᠱᠠᠲᠤᠨ ᠠᠴᠠ 2793 ᠲᠦᠮᠡᠨ | ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠠᠴᠠ 1308 ᠲᠦᠮᠡᠨ ᠲᠥᠭᠦᠷᠢᠭ ᠢᠵᠢ ᠪᠦᠷᠢᠳᠦᠭᠦᠯᠪᠡ᠂ | ᠡᠭᠦᠨ ᠢ ᠭᠤᠣᠯᠳᠠᠭᠤ ᠪᠥᠬᠦ ᠬᠤᠲᠠ ᠶᠢᠨ 35 ︱ 46 ᠨᠠᠰᠤᠨ ᠤ ᠬᠥᠮᠥᠰ ᠲᠤ ᠰᠦᠢᠳᠬᠡᠯ ᠬᠤᠷᠢᠶᠠᠬᠤ | ᠦᠭᠡᠢ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ᠂ ᠲᠥᠯᠥᠪᠯᠡᠭᠡᠲᠦ ᠦᠷᠡᠵᠢᠯ ᠤᠨ ᠮᠡᠷᠭᠡᠵᠢᠯ ᠤᠨ | ᠦᠢᠯᠡᠴᠢᠯᠡᠭᠡ᠂ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ᠂ ᠵᠢᠷᠮᠦᠰᠦᠯᠡᠬᠦ ᠠᠴᠠ ᠡᠮᠦᠨᠡᠬᠢ | ᠡᠷᠡᠭᠦᠯ ᠮᠡᠨᠳᠦ ᠶᠢᠨ ᠪᠠᠶᠢᠴᠠᠭᠠᠯᠲᠠ ᠵᠢᠴᠢ ᠨᠢᠷᠠᠢ ᠬᠡᠦᠬᠡᠳ ᠤᠨ ᠴᠢᠬᠢ ᠳᠦᠯᠡᠢ ᠭᠧᠨ᠂ ᠤᠳᠤᠮᠯᠠᠯ ᠤᠨ | ᠰᠣᠯᠢᠯᠴᠠᠭ᠎ᠠ ᠶᠢᠨ ᠡᠪᠡᠳᠴᠢᠨ ᠢ ᠰᠦᠢᠳᠬᠡᠯ ᠦᠭᠡᠢ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠵᠡᠷᠭᠡ ᠳᠤ | ᠬᠡᠷᠡᠭᠯᠡᠨ᠎ᠡ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠦᠢᠯᠡᠰ ᠪᠣᠯ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ | ᠪᠣᠯᠭᠠᠬᠤ ᠴᠢᠬᠤᠯᠠ ᠠᠭᠤᠯᠭ᠎ᠠ ᠮᠥᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠴᠢᠬᠤᠯᠠ ᠠᠵᠢᠯ ᠮᠥᠨ᠃ ᠡᠭᠦᠨ ᠤ ᠲᠤᠯᠠᠳᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠯ᠎ᠡ ᠵᠦᠢᠯ ᠤᠨ ᠦᠨᠳᠦᠰᠦᠨ ᠦᠢᠯᠡᠴᠢᠯᠡᠭᠡᠨ ᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠵᠦ᠂ ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠨ᠂ ᠪᠡᠯᠡ ᠮᠥᠩᠭᠦ | ᠰᠠᠯᠭᠠᠨ ᠥᠭᠬᠦ ᠠᠬᠢᠴᠠ ᠪᠠᠨ ᠲᠦᠷᠭᠡᠳᠬᠡᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ | ᠪᠠᠲᠤᠯᠠᠵᠤ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ |