ᠬᠥᠬᠡᠬᠤᠲᠠ ᠶᠢᠨ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠢ ᠶᠢ ᠪᠠᠶᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2022/8/29
     ᠰᠤᠷᠪᠤᠯᠵᠢᠯᠠᠭᠴᠢ ᠲᠦᠷᠦᠭᠦᠬᠡᠨ ᠰᠢᠨ᠎ᠡ ᠬᠤᠲᠠ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠣᠶᠣᠯ ᠪᠠ ᠵᠢᠭᠤᠯᠴᠢᠯᠠᠯ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ᠂ ᠬᠥᠬᠡᠬᠤᠲᠠ ᠶᠢᠨ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠢ ᠶᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠢᠨᠵᠧᠨᠧᠷᠢᠩ ᠤᠨ  ᠨᠦᠭᠡᠴᠡ ᠲᠦᠷᠦᠯ ᠵᠦᠢᠯ  ᠳᠤ ᠣᠷᠣᠭᠤᠯᠤᠭᠰᠠᠨ ᠤ ᠬᠠᠮᠲᠤ 2000 ᠲᠦᠮᠡᠨ ᠲᠥᠭᠦᠷᠢᠭ ᠤᠨ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠲᠣᠬᠢᠷᠠᠭᠤᠯᠵᠤ ᠲᠣᠰ  ᠲᠦᠷᠦᠯ ᠵᠦᠢᠯ ᠢ ᠳᠡᠮᠵᠢᠬᠦ ᠳᠤ ᠬᠡᠷᠡᠭᠯᠡᠬᠦ ᠪᠠᠷ ᠪᠣᠯᠵᠠᠢ᠃ ᠣᠲᠣ ᠪᠣᠯᠲᠠᠯ᠎ᠠ ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠭᠠᠷᠳᠠᠮ ᠢ ᠨᠢᠭᠡᠨᠲᠡ ᠭᠦᠢᠴᠡᠳᠬᠡᠵᠦ ᠳᠠᠭᠤᠰᠬᠠᠭᠠᠳ ᠪᠠᠷᠢᠯᠭ᠎ᠠ ᠶᠢᠨ ᠨᠢᠭᠡᠴᠡ ᠣᠶᠢᠷ᠎ᠠ ᠳᠤ ᠪᠠᠷᠢᠯᠭ᠎ᠠ ᠶᠢᠨ ᠲᠠᠯᠠᠪᠠᠶ ᠳᠤ ᠣᠷᠣᠵᠤ ᠵᠢᠩᠬᠢᠨᠢ ᠪᠠᠷ ᠪᠠᠷᠢᠯᠭ᠎ᠠ ᠡᠬᠢᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠬᠥᠬᠡᠬᠤᠲᠠ ᠶᠢᠨ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 2800 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ 800 ᠲᠦᠮᠡᠨ ᠲᠥᠭᠦᠷᠢᠭ ᠢ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠥᠪᠡᠰᠦᠪᠡᠨ ᠪᠡᠯᠡᠳᠬᠡᠨ᠎ᠡ᠂ ᠲᠥᠷᠥᠯ ᠵᠦᠢᠯ ᠢ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ ᠴᠢᠬᠤᠯᠠ ᠴᠡᠭ ᠬᠡᠰᠡᠭ ᠴᠢᠨ ᠱᠢ ᠬᠤᠸᠠᠩ ᠤᠨ ᠤᠷᠲᠤ ᠴᠠᠭᠠᠨ ᠬᠡᠷᠡᠮ ᠤᠨ ᠬᠥᠲᠥᠯ ᠤᠨ ᠰᠠᠭᠤᠷᠢ ᠬᠡᠰᠡᠭ ᠠᠴᠠ ᠵᠡᠭᠦᠨ ᠡᠮᠦᠨᠡᠰᠢ 3 ᠺᠢᠯᠣᠮᠧᠲᠷ ᠤᠨ ᠭᠠᠵᠠᠷ ᠲᠤ ᠪᠠᠶᠢᠷᠢᠯᠠᠭᠤᠯᠵᠤ᠂ ᠬᠥᠬᠡ ᠲᠠᠯ᠎ᠠ ᠪᠠᠷᠠᠭᠤᠨ ᠵᠡᠭᠡᠯᠢ ᠬᠢᠭᠡᠳ ᠬᠢᠩᠭᠠᠨ ᠬᠤᠶᠢᠲᠤ ᠵᠠᠮ ᠤᠨ ᠠᠭᠤᠯᠵᠠᠷ ᠤᠨ ᠵᠡᠭᠦᠨ ᠲᠠᠯ᠎ᠠ ᠠᠴᠠ ᠡᠮᠦᠨᠡᠰᠢ ᠭᠠᠵᠠᠷ ᠲᠤ  ᠪᠠᠶᠢᠷᠢᠯᠠᠭᠤᠯᠪᠠ᠃ ᠮᠦᠽᠧᠢ  ᠶᠢᠨ ᠲᠥᠯᠥᠪᠵᠢᠭᠦᠯᠦᠭᠰᠡᠨ ᠪᠠᠷᠢᠯᠭ᠎ᠠ  ᠶᠢᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ᠂ ᠪᠠᠷᠢᠯᠭ᠎ᠠ  ᠶᠢᠨ ᠳᠠᠪᠬᠤᠷᠭ᠎ᠠ  ᠶᠢᠨ ᠲᠤᠭ᠎ᠠ ᠨᠢ 2 ᠳᠠᠪᠬᠤᠷ᠂ ᠬᠡᠰᠡᠭ ᠭᠠᠵᠠᠷ ᠨᠢ 3 ᠳᠠᠪᠬᠤᠷ᠂ ᠪᠠᠷᠢᠯᠭ᠎ᠠ  ᠶᠢᠨ ᠶᠡᠷᠦᠩᠬᠡᠢ ᠥᠨᠳᠥᠷ ᠤᠨ ᠬᠡᠮᠵᠢᠶ᠎ᠡ ᠨᠢ 14.25 ᠮᠧᠲᠷ᠂ ᠳᠠᠪᠬᠤᠷᠭ᠎ᠠ ᠪᠦᠷᠢ ᠶᠢᠨ ᠥᠨᠳᠥᠷ ᠨᠢ 6 ᠮᠧᠲᠷ᠂ ᠭᠤᠣᠯᠳᠠᠭᠤ ᠮᠦᠽᠧᠢ  ᠶᠢᠨ ᠦᠵᠡᠭᠦᠯᠦᠯᠭᠡ ᠶᠢᠨ ᠲᠢᠩᠬᠢᠮ ᠪᠠ ᠪᠠᠭ᠎ᠠ ᠬᠡᠮᠵᠢᠶᠡᠨ ᠤ ᠢᠵᠢ ᠪᠦᠷᠢᠳᠦᠭᠦᠯᠬᠦ ᠴᠢᠳᠠᠮᠵᠢᠲᠤ ᠭᠡᠷ ᠪᠠᠶᠢᠰᠢᠩ ᠪᠣᠯᠣᠨ᠎ᠠ᠃ ᠮᠦᠽᠧᠢ  ᠶᠢᠨ ᠪᠦᠬᠦᠶᠢᠯᠡ ᠵᠢᠷᠤᠭ ᠲᠥᠯᠥᠪᠯᠡᠭᠡ ᠨᠢ ᠣᠷᠳᠣ ᠴᠠᠭᠠᠨ ᠬᠡᠷᠡᠮ ᠤᠨ ᠪᠦᠲᠦᠴᠡ  ᠶᠢᠨ ᠡᠯᠧᠮᠧᠨ᠋ᠲ  ᠢ ᠢᠯᠡᠷᠡᠭᠦᠯᠵᠦ᠂ ᠲᠡᠦᠬᠡ  ᠶᠢᠨ ᠮᠡᠳᠡᠷᠡᠮᠵᠢ ᠲᠠᠢ ᠵᠢᠪᠡ ᠶᠢᠨ ᠲᠣᠯᠪᠤᠲᠤ ᠴᠢᠯᠠᠭᠤᠨ ᠮᠠᠲ᠋ᠧᠷᠢᠶᠠᠯ ᠪᠠ ᠣᠲᠣ ᠦᠶ᠎ᠡ  ᠶᠢᠨ ᠮᠡᠳᠡᠷᠡᠮᠵᠢ ᠲᠠᠢ ᠰᠢᠯ ᠪᠦᠰᠡ ᠮᠠᠶ᠋ᠢᠭ ᠤᠨ ᠣᠷᠳᠣ ᠴᠣᠩᠬᠤ  ᠶᠢ ᠤᠶᠠᠯᠳᠤᠭᠤᠯᠵᠤ  ᠪᠦᠲᠦᠭᠡᠨ᠎ᠡ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号