ᠬᠥᠬᠡᠬᠤᠲᠠ ᠶᠢᠨ ᠳᠤᠮᠳᠠᠳᠤ ᠤᠯᠤᠰ ᠤᠨ ᠰᠢᠲᠠᠮᠠᠬᠠᠢ ᠬᠡᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠬᠠᠭᠤᠴᠢᠨ | ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ | ᠬᠡᠷᠡᠭᠵᠢᠭᠦᠯᠬᠦ ᠲᠥᠰᠥᠯ ᠤᠨ ᠲᠤᠬᠠᠢ ᠮᠡᠳᠡᠭᠳᠡᠯ︾ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠦᠨᠳᠦᠰᠦᠯᠡᠨ᠂ | 2022 ᠣᠨ ᠳᠤ᠂ ᠬᠤᠲᠣᠩ ᠠᠷᠠᠳ ᠤᠨ ᠲᠣᠭᠤᠷᠢᠭ ᠨᠢ 51 ᠬᠠᠭᠤᠴᠢᠨ ᠵᠢᠵᠢᠭ ᠲᠣᠭᠤᠷᠢᠭ ᠲᠤ | ᠥᠭᠡᠷᠡᠴᠢᠯᠡᠯᠲᠡ ᠬᠢᠵᠦ᠂ 1.6 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ ᠪᠠᠷᠢᠯᠭ᠎ᠠ ᠶᠢᠨ | ᠲᠠᠯᠠᠪᠠᠶ ᠨᠢ ᠪᠠᠷᠤᠭ 122 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 3.7 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠥᠭᠡᠷᠡᠴᠢᠯᠡᠭᠰᠡᠨ ᠤ ᠳᠠᠷᠠᠭ᠎ᠠ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠬᠠᠭᠤᠴᠢᠷᠠᠵᠤ᠂ ᠢᠵᠢ ᠪᠦᠷᠢᠳᠦᠭᠰᠡᠨ ᠲᠥᠬᠦᠭᠡᠷᠦᠮᠵᠢ | ᠲᠡᠭᠦᠯᠳᠡᠷ ᠪᠤᠰᠤ᠂ ᠣᠷᠴᠢᠨ ᠲᠣᠭᠤᠷᠢᠨ ᠪᠤᠵᠠᠷ ᠰᠠᠮᠠᠭᠤᠨ ᠪᠠᠷᠤᠭᠲᠠᠢ ᠪᠠᠶᠢᠬᠤ ᠵᠡᠷᠭᠡ ᠠᠰᠠᠭᠤᠳᠠᠯ ᠢ ᠲᠤᠶᠢᠯᠪᠤᠷᠢᠲᠠᠢ | ᠰᠢᠢᠳᠪᠦᠷᠢᠯᠡᠨ᠎ᠡ᠃ ᠡᠭᠦᠨ ᠳᠤ᠂ ᠮᠠᠨ ᠤ ᠲᠣᠭᠤᠷᠢᠭ ᠤᠨ 33 ᠬᠠᠭᠤᠴᠢᠨ ᠵᠢᠵᠢᠭ ᠲᠣᠭᠤᠷᠢᠭ ᠤᠨ | ᠥᠭᠡᠷᠡᠴᠢᠯᠡᠯᠲᠡ ᠳᠤ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠪᠠᠭᠲᠠᠨ᠎ᠠ᠂ ᠣᠲᠣ | ᠪᠣᠯᠲᠠᠯ᠎ᠠ ᠨᠢᠭᠡᠨᠲᠡ 9 ᠵᠢᠵᠢᠭ ᠲᠣᠭᠤᠷᠢᠭ ᠤᠨ ᠠᠵᠢᠯ ᠢ ᠳᠠᠭᠤᠰᠬᠠᠵᠤ᠂ 17 ᠵᠢᠵᠢᠭ ᠲᠣᠭᠤᠷᠢᠭ ᠤᠨ ᠰᠢᠲᠠᠮᠠᠬᠠᠢ | ᠬᠡᠢ ᠶᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠮᠥᠨ ᠬᠦ ᠲᠠᠯᠠᠪᠠᠶ ᠳᠤ ᠣᠷᠣᠭᠤᠯᠤᠭᠠᠳᠤᠢ ᠪᠠᠶᠢᠭᠰᠠᠭᠠᠷ᠃ | | ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠲᠠ ᠶᠢᠨ | ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠡᠷᠬᠡᠪᠰᠢ 9 ᠳ᠋ᠦ᠋ᠭᠡᠷ ᠰᠠᠷ᠎ᠠ ᠶᠢᠨ 15 ᠤ ᠡᠳᠦᠷ ᠠᠴᠠ | ᠡᠮᠦᠨ᠎ᠡ ᠪᠦᠬᠦᠨ ᠢ ᠳᠠᠭᠤᠰᠬᠠᠬᠤ ᠬᠡᠷᠡᠭᠲᠡᠢ᠃ ᠣᠳᠣᠬᠠᠨ ᠳᠤ ᠦᠯᠡᠳᠡᠵᠦ ᠪᠠᠶᠢᠭ᠎ᠠ ᠪᠠᠷᠢᠯᠭ᠎ᠠ ᠶᠢᠨ ᠬᠤᠭᠤᠴᠠᠭ᠎ᠠ | ᠨᠡᠯᠢᠶᠡᠳ ᠪᠠᠴᠢᠮ᠂ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠠᠬᠢᠴᠠ ᠤᠳᠠᠭᠠᠨ | ᠪᠠᠶᠢᠬᠤ ᠶᠢ ᠦᠨᠳᠦᠰᠦᠯᠡᠨ᠂ ᠪᠥᠬᠦ ᠬᠤᠲᠠ ᠶᠢᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠠᠵᠢᠯ ᠢ | ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠬᠤ ᠶᠢᠨ ᠲᠥᠯᠥᠭᠡ᠂ ᠡᠳᠦᠭᠡ ᠲᠠᠨ ᠤ | ᠪᠠᠶᠢᠭᠤᠯᠤᠯᠭ᠎ᠠ ᠶᠢᠨ ᠬᠢᠨ ᠪᠠᠷᠢᠯᠭ᠎ᠠ ᠶᠢᠨ ᠠᠵᠢᠯᠲᠠᠨ ᠢᠶᠠᠨ ᠨᠡᠮᠡᠭᠳᠡᠭᠦᠯᠵᠦ ᠪᠠᠷᠢᠯᠭ᠎ᠠ ᠶᠢᠨ ᠠᠵᠢᠯ ᠤᠨ ᠠᠬᠢᠴᠠ ᠪᠠᠨ | ᠲᠦᠷᠭᠡᠳᠬᠡᠬᠦ ᠶᠢ ᠬᠦᠰᠡᠵᠦ ᠪᠠᠶᠢᠨ᠎ᠠ᠃ | ᠲᠤᠰ ᠵᠠᠬᠢᠳᠠᠯ᠃ | | 2022 ᠣᠨ ᠤ 8 ᠳ᠋ᠤᠭᠠᠷ ᠰᠠᠷ᠎ᠠ ᠶᠢᠨ 30 ᠤ ᠡᠳᠦᠷ | |