| | ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠣᠯᠠᠨ ᠲᠦᠮᠡᠨ ᠤ ᠥᠪᠥᠷ ᠮᠣᠩᠭᠤᠯ ᠤᠨ ᠡᠬᠡ | ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠬᠦ ᠳᠤ ᠲᠥᠬᠦᠮ ᠦᠵᠡᠭᠦᠯᠬᠦ ᠶᠢᠨ | ᠲᠥᠯᠥᠭᠡ᠂ 120 ᠵᠠᠮ ᠤᠨ ᠨᠡᠶᠢᠲᠡ ᠶᠢᠨ ᠮᠠᠰᠢᠨ ᠲᠡᠷᠭᠡᠨ ᠤ ᠶᠠᠪᠤᠬᠤ ᠵᠠᠮ ᠱᠤᠭᠤᠮ ᠳᠤ ᠲᠣᠬᠢᠷᠠᠭᠤᠯᠤᠯᠲᠠ ᠬᠢᠪᠡ | ᠃ | 120 ᠵᠠᠮ ᠤᠨ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠤᠨ ᠡᠬᠢᠯᠡᠯᠲᠡ ᠶᠢᠨ ᠥᠷᠲᠡᠭᠡ ᠨᠢ | ᠬᠥᠬᠡᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠡᠴᠦᠰ ᠤᠨ ᠥᠷᠲᠡᠭᠡ ᠨᠢ ᠥᠪᠥᠷ ᠮᠣᠩᠭᠤᠯ ᠤᠨ | ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ︵ ᠲᠣᠭᠤᠷᠢᠯᠲᠠ ᠶᠢᠨ ᠱᠤᠭᠤᠮ︶ ᠪᠣᠯᠣᠨ᠎ᠠ᠂ ᠵᠠᠮ | ᠱᠤᠭᠤᠮ ᠢ ᠲᠣᠬᠢᠷᠠᠭᠤᠯᠤᠨ ᠰᠢᠯᠢᠳᠡᠭᠵᠢᠭᠦᠯᠦᠭᠰᠡᠨ ᠤ ᠳᠠᠷᠠᠭ᠎ᠠ ᠬᠤᠶᠢᠲᠤ ᠬᠤᠶᠠᠳᠤᠭᠠᠷ ᠲᠣᠭᠤᠷᠢᠯ ᠵᠠᠮ ᠤᠨ | ᠲᠤᠰᠠᠯᠠᠬᠤ ᠵᠠᠮ᠂ ᠬᠢᠩᠭᠠᠨ ᠬᠤᠶᠢᠲᠤ ᠵᠠᠮ᠂ ᠴᠢᠩᠭᠢᠰ ᠬᠠᠭᠠᠨ ᠵᠡᠭᠦᠨ ᠵᠡᠭᠡᠯᠢ᠂ ᠸᠠᠨ ᠲᠦᠩ ᠵᠠᠮ᠂ ᠬᠤᠶᠢᠲᠤ | ᠬᠤᠶᠠᠳᠤᠭᠠᠷ ᠲᠣᠭᠤᠷᠢᠯ ᠵᠠᠮ ᠤᠨ ᠲᠤᠰᠠᠯᠠᠬᠤ ᠵᠠᠮ᠂ ᠬᠠᠷᠠᠴᠢᠨ ᠵᠠᠮ᠂ ᠸᠠᠨ ᠲᠦᠩ ᠵᠠᠮ ᠢᠶᠠᠷ ᠳᠡᠮᠵᠢᠨ ᠪᠤᠴᠠᠵᠤ᠂ | ᠪᠥᠬᠦ ᠠᠶᠠᠯᠠᠯ ᠤᠨ ᠵᠠᠮ ᠨᠢ 22.7 ᠺᠢᠯᠣᠮᠧᠲᠷ᠂ 8 ᠲᠡᠷᠭᠡ ᠲᠣᠬᠢᠷᠠᠭᠤᠯᠵᠤ᠂ ᠨᠡᠶᠢᠲᠡ 21 ᠥᠷᠲᠡᠭᠡ ᠭᠠᠷᠭᠠᠪᠠ᠃ | ᠵᠠᠮ ᠱᠤᠭᠤᠮ ᠢ ᠰᠢᠯᠢᠳᠡᠭᠵᠢᠭᠦᠯᠦᠭᠰᠡᠨ ᠤ ᠳᠠᠷᠠᠭ᠎ᠠ᠂ ᠠᠶᠠᠨᠴᠢᠳ 25 ᠵᠣᠷᠪᠤᠰ ᠨᠡᠶᠢᠲᠡ ᠶᠢᠨ ᠮᠠᠰᠢᠨ ᠲᠡᠷᠭᠡᠨ ᠤ | ᠱᠤᠭᠤᠮ ᠳᠤ ᠰᠣᠯᠢᠵᠤ ᠰᠠᠭᠤᠵᠤ ᠪᠣᠯᠤᠨ᠎ᠠ᠂ 5 ᠭᠠᠵᠠᠷ ᠳᠣᠣᠷᠠᠬᠢ ᠲᠡᠮᠦᠷ ᠵᠠᠮ ᠤᠨ ᠡᠭᠦᠳᠡ ᠲᠠᠢ ᠵᠠᠯᠭᠠᠵᠤ᠂ | ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠠᠵᠢᠯᠲᠠᠨ ᠠᠵᠢᠯᠴᠢᠨ ᠤ | ᠠᠵᠢᠯ ᠳᠤ ᠭᠠᠷᠬᠤ ᠪᠠ ᠠᠵᠢᠯ ᠠᠴᠠ ᠪᠠᠭᠤᠬᠤ᠂ ᠡᠪᠡᠳᠴᠢᠲᠡᠨ ᠤ ᠡᠪᠡᠳᠴᠢᠨ ᠦᠵᠡᠭᠦᠯᠬᠦ ᠳᠤ ᠶᠡᠬᠡᠬᠡᠨ ᠳᠦᠭᠦᠮ | ᠦᠵᠡᠭᠦᠯᠦᠭᠰᠡᠨ ᠪᠠᠶᠢᠨ᠎ᠠ᠃ | | | | |