ᠾᠧᠩ ᠳ᠋ᠡ ᠹᠧᠢ ᠼᠦᠢ ᠬᠤᠸᠠ ᠲᠢᠩ · ᠫᠯᠠᠲ᠋ᠢᠨ ᠵᠢᠶᠦ᠋ᠨ ᠤ ᠲᠥᠷᠥᠯ ᠵᠦᠢᠯ ᠢ ᠵᠣᠬᠢᠴᠠᠭᠤᠯᠵᠤ ᠪᠠᠶᠢᠭᠠᠳ ᠠᠩᠬ᠎ᠠ ᠤᠳᠠᠭ᠎ᠠ ᠳᠠᠩᠰᠠᠯᠠᠭᠤᠯᠬᠤ ᠠᠵᠢᠯ ᠢ ᠤᠷᠢᠳᠠᠪᠠᠷ ᠬᠢᠯᠭᠡᠬᠦ ᠲᠤᠬᠠᠢ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠬᠢᠳᠠᠯ
ᠨᠡᠶᠢᠲᠡᠯᠡᠭᠰᠡᠨ ᠴᠠᠭ᠄
2022/9/9
ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄      ᠬᠥᠬᠡᠬᠤᠲᠠ ᠶᠢᠨ ᠾᠧᠩ ᠳ᠋ᠡ ᠹᠧᠢ ᠼᠦᠢ ᠬᠤᠸᠠ ᠲᠢᠩ · ᠫᠯᠠᠲ᠋ᠢᠨ ᠵᠢᠶᠦ᠋ᠨ ᠤ ᠲᠥᠷᠥᠯ ᠵᠦᠢᠯ ᠢ ᠾᠧᠩ ᠳ᠋ᠡ ᠭᠠᠵᠠᠷ ᠰᠢᠷᠣᠢ ᠶᠢᠨ ᠬᠥᠷᠥᠩᠭᠡ ᠶᠢᠨ ᠪᠦᠯᠦᠭᠯᠡᠯ ᠤᠨ ᠬᠥᠬᠡᠬᠤᠲᠠ ᠶᠢᠨ ᠬᠢᠵᠠᠭᠠᠷᠲᠤ ᠺᠣᠮᠫᠠᠨᠢ ︵ᠳᠣᠷᠣᠭᠰᠢ ︽ᠾᠧᠩ ᠳ᠋ᠡ ᠬᠥᠬᠡᠬᠤᠲᠠ ᠶᠢᠨ ᠺᠣᠮᠫᠠᠨᠢ︾ ᠭᠡᠵᠦ ᠨᠡᠷᠡᠶᠢᠳᠦᠨ᠎ᠡ︶ ᠬᠢᠭᠡᠳ ᠥᠪᠥᠷ ᠮᠣᠩᠭᠤᠯ ᠤᠨ ᠬᠤᠩ ᠲᠠᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ︵ᠳᠣᠷᠣᠭᠰᠢ ︽ᠬᠤᠩ ᠲᠠᠢ ᠺᠣᠮᠫᠠᠨᠢ︾ ᠭᠡᠵᠦ ᠨᠡᠷᠡᠶᠢᠳᠦᠨ᠎ᠡ︶ ᠲᠠᠢ ᠬᠠᠮᠲᠤᠷᠠᠨ ᠨᠡᠭᠡᠭᠡᠨ ᠬᠥᠭᠵᠢᠭᠦᠯᠦᠨ᠎ᠡ᠃ ᠾᠧᠩ ᠳ᠋ᠡ ᠬᠥᠬᠡᠬᠤᠲᠠ ᠶᠢᠨ ᠺᠣᠮᠫᠠᠨᠢ ᠳᠤ ᠬᠤᠩ ᠲᠠᠢ ᠺᠣᠮᠫᠠᠨᠢ ᠶᠢᠨ 10% ᠶᠢᠨ ᠰᠲ᠋ᠣᠺ ᠤᠨ ᠡᠷᠬᠡ ᠲᠠᠢ᠂ ᠫᠯᠠᠲ᠋ᠢᠨ ᠵᠢᠶᠦ᠋ᠨ ᠤᠨ ᠫᠢᠯᠠ ᠶᠢ ᠬᠠᠷᠢᠭᠤᠴᠠᠵᠤ᠂ ᠭᠡᠷ᠎ᠡ ᠶᠢᠨ ᠪᠣᠷᠣᠯᠠᠭᠤᠯᠭ᠎ᠠ ᠶᠢᠨ ᠨᠣᠷᠮ᠎ᠠ ᠶᠢᠨ 11% ᠶᠣᠰᠣᠭᠠᠷ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠶᠢᠨ ᠵᠠᠷᠤᠳᠠᠯ ᠢ ᠰᠣᠩᠭᠤᠨ ᠠᠪᠴᠤ᠂ ᠠᠰᠢᠭ ᠬᠤᠨᠵᠢᠪᠣᠷᠢ ᠬᠤᠪᠢᠶᠠᠷᠢᠯᠠᠬᠤ ᠥᠬᠡᠶ᠃      ᠲᠣᠰ ᠲᠥᠷᠥᠯ ᠵᠦᠢᠯ ᠨᠢ ᠴᠢᠩᠭᠢᠰ ᠬᠠᠭᠠᠨ ᠤ ᠪᠠᠷᠠᠭᠤᠨ ᠵᠡᠭᠡᠯᠢ ᠪᠣᠯᠣᠨ ᠠᠵᠢᠯᠴᠢᠨ ᠲᠠᠷᠢᠶᠠᠴᠢᠨ ᠴᠡᠷᠢᠭ ᠤᠨ ᠵᠠᠮ ᠤᠨ ᠠᠭᠤᠯᠵᠠᠷ ᠤᠨ ᠡᠮᠦᠨ᠎ᠡ 100 ᠮᠧᠲᠷ ᠲᠤ ᠪᠠᠶᠢᠷᠢᠯᠠᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠶ  ᠨᠢ 35.04 ᠲᠦᠮᠡᠨ ᠲᠡᠭᠰᠢ ᠳᠥᠷᠪᠡᠯᠵᠢᠨ ᠮᠧᠲᠷ᠂ ᠭᠡᠷ ᠪᠠᠶᠢᠰᠢᠩ ᠤᠨ ᠶᠡᠷᠦᠩᠬᠡᠢ ᠲᠤᠭ᠎ᠠ ᠨᠢ 2194 ᠢᠵᠢ ᠪᠠᠶᠢᠵᠤ᠂ ᠶᠡᠷᠦᠩᠬᠡᠢ ᠳᠠᠭᠠᠭᠠᠴᠢᠯᠠᠯᠲᠠ ᠶᠢᠨ ᠨᠢᠭᠡᠴᠡ ᠨᠢ ᠵᠢᠶᠠᠩᠰᠤ ᠮᠤᠵᠢ ᠶᠢᠨ ᠨᠠᠨᠲ᠋ᠦᠶᠢᠩ ᠬᠤᠲᠠ ᠶᠢᠨ ᠳ᠋ᠠᠰᠢᠨ ᠢᠨᠵᠧᠨᠧᠷᠢᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠣᠨ᠎ᠠ᠃ ᠬᠤᠩ ᠲᠠᠢ ᠺᠣᠮᠫᠠᠨᠢ ᠶᠢᠨ ᠳᠣᠲᠣᠭᠠᠳᠤ ᠶᠢᠨ ᠬᠤᠪᠢ ᠣᠷᠣᠭᠤᠯᠤᠭᠴᠢ ᠶᠢᠨ ᠵᠢᠭᠤᠷᠠᠯᠳᠤᠭᠠᠨ ᠠᠴᠠ ᠪᠣᠯᠵᠤ᠂ ᠬᠤᠩ ᠲᠠᠢ ᠺᠣᠮᠫᠠᠨᠢ ᠶᠢᠨ ᠡᠵᠡᠩᠨᠡᠯᠲᠡ ᠶᠢᠨ ᠦᠨᠡᠮᠯᠡᠯ ᠤᠨ ᠬᠤᠭᠤᠴᠠᠭ᠎ᠠ ᠶᠢ 2020 ᠣᠨ ᠤ 11 ᠳ᠋ᠦ᠋ᠭᠡᠷ ᠰᠠᠷ᠎ᠠ ᠶᠢᠨ 5 ᠤ ᠡᠳᠦᠷ ᠬᠤᠭᠤᠴᠠᠭ᠎ᠠ ᠲᠤᠯᠤᠭᠰᠠᠨ ᠤ ᠲᠠᠷᠠᠭ᠎ᠠ᠂ ᠴᠠᠭ ᠲᠤᠬᠠᠢ ᠳᠤᠨᠢ ᠦᠷᠭᠦᠯᠵᠢᠯᠡᠭᠦᠯᠦᠭᠰᠡᠨ ᠦᠭᠡᠢ᠂ ᠬᠤᠩ ᠲᠠᠢ ᠺᠣᠮᠫᠠᠨᠢ ᠶᠢᠨ ᠣᠯᠣᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠴᠠᠭ ᠲᠤᠬᠠᠢ ᠳᠤᠨᠢ ᠲᠤᠷᠭᠤᠨ ᠭᠦᠢᠴᠡᠳᠬᠡᠭᠰᠡᠨ ᠦᠭᠡᠢ ᠠᠴᠠ ᠪᠣᠯᠵᠤ᠂ ᠲᠤᠰ ᠺᠣᠮᠫᠠᠨᠢ ᠶᠢᠨ ᠰᠡᠭᠦᠯᠴᠢ ᠶᠢᠨ ᠬᠤᠭᠤᠴᠠᠭᠠᠨ ᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢᠨ ᠠᠷᠭ᠎ᠠ ᠦᠭᠡᠢ ᠪᠣᠯᠪᠠ᠃      ᠲᠣᠰ ᠲᠥᠷᠥᠯ ᠵᠦᠢᠯ ᠤᠨ ᠵᠠᠬᠢᠳᠠᠯ ᠰᠣᠷᠪᠤᠯᠵᠢᠯᠠᠭ᠎ᠠ ᠶᠢᠨ ᠳᠠᠷᠤᠯᠲᠠ ᠨᠡᠯᠢᠶᠡᠳ ᠶᠡᠭᠡ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠠᠯᠭᠤᠷᠯᠠᠵᠤ ᠪᠣᠯᠣᠰᠢ ᠦᠭᠡᠢ ᠪᠠᠶᠢᠳᠠᠯ ᠢ ᠦᠨᠳᠦᠰᠦᠯᠡᠨ᠂ ᠮᠠᠨ ᠤ ᠲᠣᠭᠤᠷᠢᠭ ᠰᠤᠳᠤᠯᠤᠨ ᠲᠣᠭᠲᠠᠭᠠᠭᠠᠳ᠂ ︽ᠵᠠᠬᠢᠳᠠᠯ ᠢᠶᠠᠷ ᠭᠡᠷᠡᠴᠢ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠥᠨ ᠬᠦ ᠤᠤᠯ ᠤᠨ ᠬᠤᠭᠤᠴᠠᠭ᠎ᠠ ᠨᠢ ᠥᠩᠭᠡᠷᠡᠭᠰᠡᠨ ᠡᠵᠡᠩᠨᠡᠯᠲᠡ ᠶᠢᠨ ᠦᠨᠡᠮᠯᠡᠯ ᠢᠶᠠᠷ ᠲᠣᠰ ᠲᠥᠷᠥᠯ ᠵᠦᠢᠯ ᠤᠨ ᠠᠩᠬ᠎ᠠ ᠤᠳᠠᠭᠠᠨ ᠤ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠬᠦᠰᠡᠵᠦ ᠪᠠᠶᠢᠨ᠎ᠠ᠂ ᠲᠠᠨ ᠤ ᠨᠢᠭᠡᠴᠡ ᠠᠴᠠ ᠭᠦᠢᠴᠡᠳᠬᠡᠬᠦ ᠶᠢ ᠬᠦᠰᠡᠵᠦ ᠪᠠᠶᠢᠨ᠎ᠠ᠃      ᠲᠤᠰ ᠵᠠᠬᠢᠳᠠᠯ᠃      2022 ᠣᠨ ᠤ 9 ᠳ᠋ᠦ᠋ᠭᠡᠷ ᠰᠠᠷ᠎ᠠ ᠶᠢᠨ 9 ᠤ ᠡᠳᠦᠷ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号