ᠡᠨᠡ ᠵᠢᠯ ᠮᠠᠨ ᠤ ᠬᠤᠲᠠ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/1/13
     ︵ᠰᠤᠷᠪᠤᠯᠵᠢᠯᠠᠭᠴᠢ ᠮᠢᠶᠣᠣ ᠴᠢᠩ︶ ᠲᠦᠷᠦᠭᠦᠬᠡᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 2022 ᠣᠨ ᠳᠤ ᠮᠠᠨ ᠤ ᠬᠤᠲᠠ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠪᠠᠷ ᠳᠡᠮᠵᠢᠨ᠂ 3.17 ᠲᠦᠮᠡ ᠭᠠᠷᠤᠢ ᠬᠥᠮᠥᠨ ᠢ ᠬᠥᠬᠡᠬᠤᠲᠠ ᠳᠤ ᠦᠯᠡᠳᠡᠭᠡᠵᠦ᠂ ᠪᠤᠴᠠᠭᠠᠵᠤ᠂ ᠢᠷᠡᠭᠦᠯᠵᠦ ᠠᠵᠢᠯ ᠣᠯᠭᠤᠵᠤ ᠦᠢᠯᠡᠰ ᠴᠣᠭᠴᠠᠯᠠᠭᠤᠯᠤᠭᠰᠠᠨ ᠪᠠᠶᠢᠨ᠎ᠠ᠃ 2023 ᠣᠨ ᠳᠤ᠂ ᠮᠠᠨ ᠤ ᠬᠤᠲᠠ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠲᠦᠯᠬᠢᠨ ᠠᠬᠢᠭᠤᠯᠵᠤ᠂ ᠡᠨᠡ ᠵᠢᠯ ᠤᠨ ᠳᠣᠲᠣᠷ᠎ᠠ 4 ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠵᠦ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠭᠤᠯᠤᠨ᠎ᠠ᠃      ᠡᠨᠡ ᠵᠢᠯ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽34456︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ  ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠣᠷᠤᠯᠴᠠᠬᠤ ᠶᠢ ᠪᠠᠷᠢᠮᠲᠠᠯᠠᠵᠤ᠂ ᠤᠯᠠᠨ ᠲᠠᠯ᠎ᠠ ᠪᠠᠷ ᠬᠦᠴᠦᠯᠡᠵᠦ᠂ ᠬᠠᠮᠲᠤ ᠪᠠᠷ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠳᠤ ᠦᠢᠯᠡᠴᠢᠯᠡᠬᠦ ᠪᠠ ᠰᠤᠷᠤᠭᠴᠢᠳ ᠲᠤ ᠦᠢᠯᠡᠴᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠭᠤᠣᠯᠲᠤ ᠪᠣᠷᠣ ᠶᠢ ᠦᠨᠳᠦᠰᠦᠯᠡᠭᠦᠯᠬᠦ︾ 2023 ᠣᠨ ᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠣᠶᠤᠲᠠᠳ ᠤᠨ ᠠᠳᠠᠯ ᠦᠢᠯᠡᠰ ᠴᠣᠭᠴᠠᠯᠠᠬᠤ ᠶᠢ ᠡᠬᠢᠯᠡᠭᠦᠯᠬᠦ ᠠᠵᠢᠯᠯᠠᠭ᠎ᠠ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠳᠡᠭᠡᠳᠦ ᠰᠤᠷᠭᠠᠭᠤᠯᠢ ᠲᠡᠭᠦᠰᠦᠭᠰᠡᠳ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠷᠠᠳᠤᠭᠤᠰᠢᠲᠠᠢ ᠵᠦᠢᠯ ᠭᠡᠪᠡᠯ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠲᠤᠰᠬᠠᠢ ᠤᠷᠢᠨ ᠡᠯᠰᠡᠬᠦ ᠠᠵᠢᠯᠯᠠᠭ᠎ᠠ︾ ᠨᠢ ᠭᠤᠣᠯᠳᠠᠭᠤ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠮᠥᠷᠳᠡᠨ ᠳᠠᠭᠠᠵᠤ᠂ ᠠᠵᠢᠯᠴᠢᠨ ᠬᠡᠷᠡᠭᠯᠡᠬᠦ ᠦᠢᠯᠡᠴᠢᠯᠡᠭᠡ ᠶᠢ ᠶᠡᠬᠡᠪᠡᠷ ᠥᠷᠨᠢᠭᠦᠯᠦᠨ᠂ ᠲᠤᠰᠬᠠᠢ ᠤᠷᠢᠨ ᠡᠯᠰᠡᠬᠦ᠂ ᠰᠦᠯᠵᠢᠶᠡᠨ ᠳᠡᠭᠡᠷ᠎ᠡ ᠤᠷᠢᠨ ᠡᠯᠰᠡᠬᠦ᠂ ᠰᠤᠷᠭᠠᠭᠤᠯᠢ ᠶᠢᠨ ᠬᠦᠷᠢᠶᠡᠨ ᠳᠤ ᠣᠷᠣᠵᠤ ᠤᠷᠢᠨ ᠡᠯᠰᠡᠬᠦ ᠵᠡᠷᠭᠡ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠲᠠᠰᠤᠷᠠᠯᠲᠠ ᠦᠭᠡᠢ ᠴᠢᠳᠠᠪᠤᠷᠢᠲᠠᠨ ᠤ ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠤ ᠭᠠᠵᠠᠷ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ ᠳᠡᠭᠡᠳᠦ ᠲᠠᠰ ᠤᠨ ᠴᠢᠳᠠᠪᠤᠷᠢᠲᠠᠨ ᠢ ᠡᠷᠢᠵᠦ ᠰᠤᠷᠪᠤᠯᠵᠢᠯᠠᠬᠤ ᠵᠡᠷᠭᠡ ᠴᠢᠳᠠᠪᠤᠷᠢᠲᠠᠨ ᠲᠠᠲᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠪᠠᠴᠢᠮ ᠬᠡᠷᠡᠭᠴᠡᠭᠡ ᠲᠠᠢ ᠪᠠ ᠳᠡᠭᠡᠳᠦ ᠲᠠᠰ ᠤᠨ ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠨ᠎ᠠ᠃      ᠡᠭᠦᠨ ᠤ ᠬᠠᠮᠲᠤ᠂ ᠣᠶᠤᠲᠠᠳ ᠤᠨ ᠠᠳᠠᠯ ᠦᠢᠯᠡᠰ ᠴᠣᠭᠴᠠᠯᠠᠬᠤ ᠳᠤ ᠵᠣᠷᠢᠭᠤᠯᠵᠤ᠂ ᠡᠨᠡ ᠵᠢᠯ ᠮᠠᠨ ᠤ ᠬᠤᠲᠠ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠ ᠠᠳᠠᠯ ᠦᠢᠯᠡᠰ ᠴᠣᠭᠴᠠᠯᠠᠬᠤ ᠪᠣᠳᠠᠲᠤ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ︽ᠭᠤᠣᠯᠲᠤ ᠪᠣᠷᠣ ᠶᠢ ᠦᠨᠳᠦᠰᠦᠯᠡᠭᠦᠯᠬᠦ︾ ᠣᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ ᠪᠦᠲᠦᠭᠡᠵᠦ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ  ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠰᠠᠭᠤᠷᠢᠨ ᠢ ᠶᠡᠬᠡᠪᠡᠷ ᠡᠷᠬᠢᠯᠡᠵᠦ᠂ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠲᠠᠨᠢᠯᠴᠠᠭᠤᠯᠬᠤ ᠬᠤᠷᠠᠯ ᠢ ᠵᠣᠬᠢᠶᠠᠨ ᠪᠠᠶᠢᠭᠤᠯᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠡᠷᠭᠢᠯᠡᠬᠦ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠪᠠᠶᠢᠨ᠎ᠠ᠃ ᠲᠡᠭᠦᠰᠦᠭᠰᠡᠨ 5 ᠵᠢᠯ ᠤᠨ ᠳᠣᠲᠣᠷᠠᠬᠢ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ ᠤᠨ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠵᠢᠭᠡᠯᠡᠯᠭᠡ ᠪᠣᠯᠣᠨ ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠪᠣᠰᠬᠠᠬᠤ ᠨᠥᠬᠦᠪᠦᠷᠢ ᠶᠢ ᠨᠠᠶᠢᠳᠠᠪᠤᠷᠢᠵᠢᠭᠤᠯᠵᠤ᠂ ᠣᠶᠤᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠡᠭᠦᠳᠦᠨ ᠪᠠᠶᠢᠭᠤᠯᠬᠤ ᠳᠤ ᠲᠥᠯᠥᠪᠦᠷᠢ ᠦᠭᠡᠢ ᠲᠤᠰᠠᠯᠠᠬᠤ 20 ᠲᠦᠮᠡᠨ ᠲᠥᠭᠦᠷᠢᠭ ᠤᠨ ᠲᠦᠷᠦᠯ ᠵᠦᠢᠯ ᠢ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号