ᠬᠤᠲᠣᠩ ᠠᠷᠠᠳ ᠤᠨ ᠲᠣᠭᠤᠷᠢᠭ ᠤᠨ ᠬᠤᠲᠠ ᠶᠢᠨ ᠰᠢᠨ᠎ᠡ ᠣᠶᠤᠨ ᠤᠬᠠᠭᠠᠨ ᠳᠤ ᠴᠢᠳᠠᠪᠤᠷᠢ ᠣᠯᠭᠤᠵᠤ ᠪᠠᠶᠢᠭ᠎ᠠ ᠶᠢ ᠬᠠᠷᠠᠶ᠎ᠠ
ᠨᠡᠶᠢᠲᠡᠯᠡᠭᠰᠡᠨ ᠴᠠᠭ᠄
2023/10/11
ᠴᠠᠭ ᠮᠥᠴᠡ ᠤᠷᠤᠰᠬᠠᠯ ᠮᠡᠲᠦ ᠲᠦᠷᠭᠡᠨ᠂ ᠬᠡᠩᠭᠡᠷᠭᠡ ᠳᠡᠯᠡᠳᠦᠨ ᠳᠠᠢᠰᠤᠨ ᠢ ᠰᠢᠪᠠᠳᠠᠬᠤᠡᠨᠡ ᠵᠢᠯ ᠠᠴᠠ ᠨᠠᠰᠢᠬᠤᠲᠣᠩ ᠠᠷᠠᠳ ᠤᠨ ᠲᠣᠭᠤᠷᠢᠭ ᠤᠨ ᠴᠢᠬᠤᠯᠠ ᠶᠡᠭᠡ ᠲᠦᠷᠦᠯ ᠵᠦᠢᠯ ᠤᠳ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠡᠬᠢᠯᠡᠪᠡᠠᠷᠠᠳ ᠤᠨ ᠠᠮᠢᠳᠤᠷᠠᠯ ᠤᠨ ᠰᠢᠯᠭᠠᠯᠲᠠ ᠶᠢᠨ ᠬᠠᠭᠤᠳᠠᠰᠤ ᠪᠦᠬᠦᠨ ᠮᠠᠭᠲᠠᠭᠠᠯ ᠰᠠᠶᠢᠰᠢᠶᠠᠯ ᠢ ᠣᠯᠪᠠ ᠁ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠰᠡᠳᠬᠢᠮᠵᠢ ᠲᠠᠢᠰᠣᠶᠣᠯ ᠵᠤᠭᠠᠴᠠᠯ ᠤᠨ ᠬᠥᠭᠵᠢᠯᠲᠡ ᠰᠡᠳᠬᠢᠴᠡ ᠲᠠᠢᠠᠮᠢ ᠠᠬᠤᠢ ᠶᠢ ᠰᠡᠷᠭᠦᠭᠡᠬᠦ ᠬᠠᠷᠠᠯᠲᠠ ᠲᠠᠢᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠷᠭ᠎ᠠ ᠬᠡᠮᠵᠢᠶ᠎ᠡᠠᠷᠠᠳ ᠤᠨ ᠲᠥᠯᠥᠭᠡ ᠵᠢᠳᠬᠦᠬᠦ ᠦᠨᠡᠨ ᠪᠣᠳᠠᠲᠠᠢ ᠬᠠᠶᠢᠷ᠎ᠠ ᠰᠡᠳᠬᠢᠯᠭᠡᠠᠷᠠᠳ ᠲᠦᠮᠡᠨ ᠤ ᠥᠨᠳᠥᠷ ᠴᠢᠨᠠᠷ ᠴᠢᠨᠰᠠᠭ᠎ᠠ ᠲᠠᠢ ᠠᠮᠢᠳᠤᠷᠠᠯ ᠤᠨ ᠲᠤᠬᠠᠢ ᠬᠦᠰᠡᠯ ᠳᠤ︽ᠡᠪᠡᠳᠴᠢᠨ ᠳᠤᠨᠢ ᠲᠠᠭᠠᠷᠠᠭᠤᠯᠵᠤ ᠲᠦᠷᠦ ᠶᠢᠨ ᠪᠣᠳᠣᠯᠭ᠎ᠠ ᠬᠡᠷᠡᠭᠵᠢᠭᠦᠯᠬᠦ︾ ᠥᠭᠡᠷᠡᠴᠢᠯᠡᠯᠲᠡ ᠶᠢ ᠬᠡᠷᠡᠭᠵᠢᠭᠦᠯᠦᠨ᠎ᠡ︽ᠬᠠᠭᠤᠴᠢᠷᠠᠭᠰᠠᠨ︾ ᠰᠠᠭᠤᠭᠠᠯᠢ ᠠᠷᠠᠳ ᠤᠨ ᠲᠣᠭᠤᠷᠢᠭ ᠶᠡᠭᠡ ᠬᠤᠪᠢᠷᠠᠯᠲᠠ ᠲᠠᠢ ᠪᠣᠯᠪᠠ
     ᠭᠡᠷ ᠪᠠᠶᠢᠰᠢᠩ ᠨᠢ ︽ᠬᠠᠭᠤᠴᠢᠨ︾ ᠠᠴᠠ ᠪᠠᠨ ︽ᠰᠢᠨ᠎ᠡ︾ ᠪᠣᠯᠵᠤ᠂ ᠵᠠᠮ ᠨᠢ ︽ᠬᠤᠲᠣᠭᠤᠷ︾  ᠠᠴᠠ ᠪᠠᠨ ︽ᠲᠡᠭᠰᠢ︾ ᠪᠣᠯᠵᠤ᠂ ᠣᠷᠴᠢᠨ ᠲᠣᠭᠤᠷᠢᠨ ᠨᠢ ︽ᠡᠮᠬᠢ ᠵᠠᠮᠪᠠᠷᠠᠭ᠎ᠠ ᠦᠭᠡᠢ︾ ᠠᠴᠠ ᠪᠠᠨ ︽ᠭᠤᠶᠣ︾ ᠪᠣᠯᠵᠤ ᠬᠤᠪᠢᠷᠠᠪᠠ ᠁ ᠣᠲᠣ ᠬᠥᠬᠡᠬᠤᠲᠠ ᠶᠢᠨ ᠪᠣᠯᠣᠳ ᠲᠡᠮᠦᠷ ᠤᠨ ᠵᠢᠵᠢᠭ ᠲᠣᠭᠤᠷᠢᠭ ᠲᠤ ᠨᠢᠭᠡᠨᠲᠡ ᠬᠤᠪᠢᠷᠠᠯᠲᠠ ᠭᠠᠷᠴᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠨᠢ ᠴᠦ ᠵᠢᠵᠢᠭ ᠲᠣᠭᠤᠷᠢᠭ ᠲᠤ ︽ᠣᠷᠭᠠᠨᠢᠭ ᠢᠶᠠᠷ ᠰᠢᠨᠡᠳᠴᠦ︾ ᠪᠠᠶᠢᠬᠤ ᠶᠢᠨ ᠵᠡᠷᠭᠡ ᠳᠤ ︽ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠡᠶᠡᠯᠡᠭᠦᠯᠪᠡ᠃      ᠬᠥᠬᠡᠬᠤᠲᠠ ᠶᠢᠨ ᠪᠣᠯᠣᠳ ᠲᠡᠮᠦᠷ ᠤᠨ ᠺᠣᠮᠫᠠᠨᠢ ᠶᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠠᠪᠤᠴᠠ ᠳᠤ᠂ ᠬᠤᠲᠣᠩ ᠠᠷᠠᠳ ᠤᠨ ᠲᠣᠭᠤᠷᠢᠭ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠳᠠᠪᠠᠭᠤᠯᠢᠭ ᠢᠶᠠᠨ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠤ ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠵᠢᠵᠢᠭ ᠲᠣᠭᠤᠷᠢᠭ ᠢ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ︽ᠬᠡᠷᠡᠮ ᠢ ᠨᠤᠷᠠᠭᠠᠵᠤ ᠬᠦᠷᠢᠶ᠎ᠡ ᠬᠠᠰᠢᠶ᠎ᠠ ᠶᠢ ᠨᠡᠶᠢᠯᠡᠭᠦᠯᠬᠦ︾ ᠪᠠᠷ ᠳᠠᠮᠵᠢᠭᠤᠯᠤᠨ ᠬᠥᠷᠰᠢ ᠵᠡᠷᠭᠡᠯᠡᠳᠡᠭᠡ ᠵᠢᠵᠢᠭ ᠲᠣᠭᠤᠷᠢᠭ ᠢ ︽ᠨᠢᠭᠡ ᠴᠣᠭᠴᠠ ᠪᠣᠯᠭᠠᠨ ᠠᠭᠤᠰᠤᠯᠴᠠᠭᠤᠯᠵᠤ︾᠂ ᠵᠢᠵᠢᠭ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠠᠮᠲᠤᠪᠠᠷ ᠡᠷᠭᠢᠯᠡᠬᠦ᠂ ᠨᠡᠶᠢᠭᠡᠮ ᠤᠨ ᠠᠮᠤᠷ ᠲᠦᠪᠰᠢᠨ ᠢ ᠬᠠᠮᠲᠤᠪᠠᠷ ᠵᠠᠰᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ᠣᠯᠠᠨ ᠨᠡᠶᠢᠲᠡ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ︽ᠠᠷᠪᠠᠨ ᠲᠠᠪᠤᠨ ᠮᠢᠨᠦ᠋ᠲ ᠤᠨ ᠠᠮᠢᠳᠤᠷᠠᠯ ᠤᠨ ᠬᠦᠷᠢᠶ᠎ᠡ︾ ᠶᠢ ᠪᠠᠶᠢᠭᠤᠯᠵᠤ᠂ ᠰᠠᠭᠤᠭᠠᠯᠢ ᠠᠷᠠᠳ ᠲᠤ ᠨᠠᠩ ᠪᠦᠷᠢᠨ ᠲᠡᠭᠦᠯᠳᠡᠷ᠂ ᠳᠥᠭᠦᠮ ᠳᠥᠲᠡ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠨ᠎ᠠ᠃      ᠬᠤᠲᠣᠩ ᠠᠷᠠᠳ ᠤᠨ ᠲᠣᠭᠤᠷᠢᠭ ᠤᠨ ᠬᠥᠬᠡᠬᠤᠲᠠ ᠶᠢᠨ ᠪᠣᠯᠣᠳ ᠲᠡᠮᠦᠷ ᠤᠨ ᠺᠣᠮᠫᠠᠨᠢ ᠶᠢᠨ ᠪᠠᠭ᠎ᠠ ᠲᠣᠭᠤᠷᠢᠭ ᠤᠨ ᠬᠢᠨ ︽ᠬᠠᠭᠤᠴᠢᠨ ᠬᠤᠪᠴᠠᠰᠤ︾ ᠪᠠᠨ ᠲᠠᠶᠢᠯᠵᠤ ︽ᠰᠢᠨ᠎ᠡ ᠬᠤᠪᠴᠠᠰᠤ︾ ᠪᠠᠨ ᠰᠣᠯᠢᠵᠤ᠂ ᠤᠯᠠᠮ ᠠᠴᠠ ᠤᠯᠠᠮ ᠤᠯᠠᠨ ᠰᠠᠭᠤᠭᠠᠯᠢ ᠠᠷᠠᠳ ᠲᠤ ︽ᠵᠣᠯ ᠵᠢᠷᠭᠠᠯ ᠢᠶᠠᠷ ᠡᠭᠦᠳᠡ ᠲᠣᠭᠰᠢᠬᠤ︾ ᠪᠠᠶᠠᠷ ᠪᠠᠭ᠋ᠠᠳᠤᠯ ᠢ ᠮᠡᠳᠡᠷᠡᠭᠦᠯᠵᠦ ᠪᠠᠶᠢᠨ᠎ᠠ᠃      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠶᠠᠪᠤᠴᠠ ᠳᠤ ᠬᠤᠲᠣᠩ ᠠᠷᠠᠳ ᠤᠨ ᠲᠣᠭᠤᠷᠢᠭ ᠤᠨ ᠬᠢᠨ ᠰᠠᠭᠤᠭᠠᠯᠢ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠣᠯᠠᠨ ᠲᠦᠮᠡᠨ ᠤ ᠬᠠᠮᠤᠭ ᠠᠴᠠ ᠢᠯᠡᠭᠦᠦ ︽ᠪᠠᠴᠢᠮ᠂ ᠬᠦᠴᠢᠷ᠂ ᠵᠣᠪᠠᠨᠢᠯ︾ ᠤᠨ ᠬᠡᠷᠡᠭᠴᠡᠭᠡ ᠶᠢ ᠤᠷᠢᠳᠠᠪᠠᠷ ᠥᠭᠡᠷᠡᠴᠢᠯᠡᠵᠦ᠂ ᠣᠯᠠᠨ ᠲᠦᠮᠡᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠶᠢᠨ ᠵᠡᠷᠭᠡ ᠳᠤ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠪᠠᠷ ᠳᠠᠮᠵᠢᠭᠤᠯᠤᠨ᠂ ᠣᠷᠣᠨ ᠰᠠᠭᠤᠴᠠ ᠶᠢᠨ ᠣᠷᠴᠢᠨ ᠨᠥᠬᠦᠴᠡᠯ ᠢ ᠳᠡᠭᠡᠭᠰᠢᠯᠡᠭᠦᠯᠵᠦ᠂ ᠣᠯᠠᠨ ᠲᠦᠮᠡᠨ ᠤ ᠠᠮᠢᠳᠤᠷᠠᠯ ᠢ ᠨᠡᠩ ᠳᠥᠭᠦᠮ ᠳᠥᠲᠡ ᠪᠣᠯᠭᠠᠵᠠᠢ᠃      ︽ᠨᠣᠭᠤᠭᠠᠨ ᠥᠩᠭᠡ︾ ᠶᠢ ᠬᠥᠭᠡᠭᠡᠴᠡᠯᠳᠦᠵᠦ ᠤᠷᠤᠭᠰᠢᠯᠠᠨ᠎ᠠ ︽ᠰᠢᠯᠦᠭ ᠤᠨ ᠰᠠᠨᠠᠭ᠎ᠠ ᠪᠠᠷ ᠣᠷᠣᠩᠨᠠᠬᠤ︾ ᠶᠢ ᠰᠠᠬᠢᠨ ᠬᠠᠮᠠᠭᠠᠯᠠᠶ᠎ᠠ
     ᠡᠷᠲᠡᠨ ᠤ ᠬᠦᠢᠯᠡᠰᠦᠨ ᠤ ᠬᠦᠷᠢᠶᠡᠯᠡᠩ ᠳᠤ ᠠᠯᠬᠤᠯᠠᠵᠤ ︽ᠬᠦᠢᠯᠡᠰᠦᠨ ᠤ ᠣᠷᠣᠨ ᠤ ᠤᠯᠠᠭᠠᠨ ᠥᠩᠭᠡ︾ ᠶᠢ ᠨᠠᠷᠢᠨ ᠰᠣᠨᠢᠷᠬᠠᠵᠤ᠂ ︽ᠬᠥᠮᠥᠨ ᠴᠡᠴᠡᠭ ᠤᠨ ᠳᠤᠮᠳᠠᠭᠤᠷ ᠶᠠᠪᠤᠬᠤᠶ᠎ᠠ᠂ ᠵᠢᠷᠤᠭ ᠤᠨ ᠳᠤᠮᠳᠠᠭᠤᠷ ᠵᠣᠷᠴᠢᠬᠤ ᠮᠡᠲᠦ︾ ᠶᠢᠨ ᠭᠤᠶᠤ ᠰᠠᠶᠢᠬᠠᠨ ᠦᠵᠡᠮᠵᠢ ᠶᠢ ᠰᠣᠨᠢᠷᠬᠠᠨ᠎ᠠ᠂ ︽ᠵᠣᠯ ᠵᠢᠷᠭᠠᠯᠲᠤ ᠪᠤᠯᠠᠭ︾ ᠢ ᠡᠷᠭᠦᠨ ᠮᠠᠭᠲᠠᠵᠤ᠂ ᠪᠤᠯᠠᠭ ᠤᠨ ᠤᠰᠤᠨ ᠤ ᠠᠮᠲᠠ ᠶᠢ ᠠᠮᠲᠠᠯᠠᠵᠤ᠂ ᠬᠥᠮᠥᠨ ᠤ ᠰᠡᠳᠬᠢᠯ ᠢ ᠳᠣᠭᠳᠣᠯᠤᠭᠤᠯᠤᠨ᠎ᠠ ᠁ ᠭᠠᠷᠠᠭ ᠤᠨ ᠰᠡᠭᠦᠯᠴᠢ ᠪᠠᠷ ᠵᠤᠭᠠᠴᠠᠨ ᠲᠣᠭᠤᠷᠢᠵᠤ᠂ ᠬᠤᠲᠣᠩ ᠠᠷᠠᠳ ᠤᠨ ᠲᠣᠭᠤᠷᠢᠭ ᠤᠨ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠰᠦᠷ ᠳᠠᠯᠠᠶᠢᠴᠠᠲᠠᠢ ᠠᠮᠢᠵᠢᠷᠠᠯ ᠤᠨ ᠬᠦᠴᠦᠨ ᠢ ᠬᠠᠷᠠᠭᠤᠯᠤᠨ᠎ᠠ᠃      ᠣᠶᠢᠷ᠎ᠠ ᠶᠢᠨ ᠵᠢᠯ ᠠᠴᠠ᠂ ᠬᠤᠲᠣᠩ ᠠᠷᠠᠳ ᠤᠨ ᠲᠣᠭᠤᠷᠢᠭ ᠤᠨ ᠬᠢᠨ ᠳᠠᠯᠠᠨ ᠬᠠᠷ᠎ᠠ ᠠᠭᠤᠯᠠ ᠶᠢᠨ 146 ᠲᠡᠭᠰᠢ ᠳᠥᠷᠪᠡᠯᠵᠢᠨ ᠺᠢᠯᠤᠮᠥᠲᠷ ᠪᠦᠬᠦᠢ ᠠᠮᠢ ᠠᠬᠤᠢ ᠶᠢᠨ ᠨᠣᠭᠤᠭᠠᠨ ᠪᠦᠰᠡ ᠶᠢᠨ ᠲᠣᠭᠤᠷᠢᠨ ᠳᠤ᠂ ︽ᠨᠢᠭᠡ ᠬᠥᠨᠳᠡᠯᠡᠨ ᠬᠤᠶᠠᠷ ᠭᠤᠯᠳᠤ ᠭᠤᠷᠪᠠᠨ ᠬᠡᠰᠡᠭ ᠣᠷᠣᠨ︾ ᠳᠤ ᠰᠠᠭᠤᠷᠢᠯᠠᠵᠤ᠂ ᠲᠠᠷᠢᠶᠠᠯᠠᠩ ᠰᠣᠶᠣᠯ ᠤᠨ ᠵᠤᠭᠠᠴᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠡᠯᠡᠭᠦᠴᠡᠯ ᠵᠤᠭᠠᠴᠠᠯ ᠤᠨ ᠰᠣᠶᠣᠯ ᠵᠤᠭᠠᠴᠠᠯ ᠤᠨ ᠵᠣᠷᠢᠭᠰᠠᠨ ᠭᠠᠵᠠᠷ ᠢ ᠪᠦᠲᠦᠭᠡᠨ ᠪᠠᠶᠢᠭᠤᠯᠵᠠᠢ᠃      ᠳᠠᠯᠠᠨ ᠬᠠᠷ᠎ᠠ ᠠᠭᠤᠯᠠ ᠳᠠᠭᠠᠤ ᠶᠢᠨ ᠲᠣᠭᠤᠷᠢᠨ ᠳᠤ᠂ ᠠᠭᠤᠯᠠ ᠳᠠᠭᠠᠤ ᠶᠢᠨ ᠡᠯ᠎ᠡ ᠲᠣᠰᠬᠤᠨ ᠤ ᠥᠭᠡᠷᠡᠴᠢᠯᠡᠯᠲᠡ ᠶᠢ ᠣᠨ᠂ ᠲᠥᠷᠥᠯ ᠬᠤᠪᠢᠶᠠᠨ ᠠᠬᠢᠭᠤᠯᠵᠤ᠂ ︽ᠴᠡᠭ ᠢ ᠬᠤᠯᠪᠣᠵᠤ ᠱᠤᠭᠤᠮ ᠪᠣᠯᠭᠠᠵᠤ᠂ ᠰᠤᠪᠤᠳ ᠢ ᠬᠤᠯᠪᠣᠵᠤ ᠨᠢᠭᠤᠷ ᠪᠣᠯᠭᠠᠬᠤ︾ ᠰᠡᠳᠬᠢᠮᠵᠢ ᠪᠠᠷ᠂ ᠡᠷᠡᠭᠦᠯᠵᠢᠯ ᠰᠤᠪᠢᠯᠠᠯᠲᠠ ᠰᠡᠯᠡᠭᠦᠴᠡᠯ ᠵᠢᠭᠤᠯᠴᠢᠯᠠᠯ ᠤᠨ ᠬᠡᠰᠡᠭ ᠣᠷᠣᠨ ᠢ ᠪᠠᠶᠢᠭᠤᠯᠤᠨ᠎ᠠ᠃ ᠬᠥᠬᠡᠬᠤᠲᠠ ᠦ᠋ ᠵᠠᠰᠠᠮᠠᠯ ᠵᠠᠮ ᠤᠨ ᠬᠤᠶᠠᠷ ᠬᠠᠵᠠᠭᠤ ᠶᠢᠨ ᠲᠣᠭᠤᠷᠢᠨ ᠳᠤ᠂ ᠳ᠋ᠤᠸᠠᠨ ᠵᠢᠶᠠ ᠶᠣᠣ ᠲᠣᠰᠬᠤᠨ᠂ ᠨᠢᠭᠡ ᠭᠡᠷ ᠪᠠᠶᠢᠰᠢᠩ ᠲᠣᠰᠬᠤᠨ ᠢ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠶᠢ ᠨᠢᠭᠡᠨᠲᠡ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠨᠢᠭᠡ ᠪᠦᠯᠦᠭ ᠰᠠᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠰᠣᠶᠣᠯ ᠤᠨ ᠪᠦᠲᠦᠭᠡᠯᠴᠢ ᠰᠡᠳᠬᠢᠮᠵᠢ ᠶᠢ ᠪᠡᠶᠡᠴᠢᠯᠡᠨ ᠣᠶᠢᠯᠠᠭᠠᠬᠤ ᠬᠡᠰᠡᠭ ᠲᠣᠭᠤᠷᠢᠭ ᠢ ᠪᠣᠶ ᠪᠣᠯᠭᠠᠨ᠎ᠠ᠃
     ᠵᠡᠭᠦᠨ ᠤᠰᠤᠲᠤ ᠲᠣᠰᠬᠤᠨ ᠤᠯᠠᠨ ᠠᠴᠠ ᠣᠨᠴᠠᠭᠠᠢ ᠪᠠᠶᠢᠭᠠᠯᠢ ᠶᠢᠨ ᠠᠮᠢ ᠠᠬᠤᠢ ᠶᠢᠨ ᠨᠥᠬᠦᠴᠡᠯ ᠳᠤ ᠰᠠᠭᠤᠷᠢᠯᠠᠵᠤ᠂ ︽ᠬᠥᠳᠡᠭᠡ ᠠᠵᠤ ᠠᠬᠤᠢ + ᠰᠣᠶᠣᠯ + ᠵᠤᠭᠠᠴᠠᠯ︾ ᠤᠨ ᠠᠭᠤᠰᠤᠯᠴᠠᠨ ᠰᠢᠨ᠎ᠡ ᠶᠢ ᠡᠭᠦᠳᠬᠦ ᠵᠠᠭᠪᠤᠷ ᠢ ᠪᠠᠷᠢᠮᠲᠠᠯᠠᠵᠤ᠂ ᠲᠣᠮᠣ ᠬᠦᠢᠯᠡᠰᠦ ᠶᠢᠨ ᠲᠠᠷᠢᠮᠠᠯ᠂ ᠲᠠᠷᠢᠶᠠᠴᠢᠨ ᠠᠶᠢᠯ ᠤᠨ ᠵᠤᠭᠠᠴᠠᠯ᠂ ᠰᠡᠯᠡᠭᠦᠴᠡᠯ ᠵᠤᠭᠠᠴᠠᠯ ᠵᠡᠷᠭᠡ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠪᠡ᠃      ᠬᠤᠲᠣᠩ ᠠᠷᠠᠳ ᠤᠨ ᠲᠣᠭᠤᠷᠢᠭ ᠤᠨ ᠬᠢᠨ ᠲᠣᠰᠬᠤᠨ ᠤ ᠠᠷᠠᠳ ᠤᠨ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠳᠤ ᠠᠭᠤᠰᠤᠯᠴᠠᠬᠤ ᠶᠢ ᠵᠣᠷᠢᠭᠵᠢᠭᠤᠯᠵᠤ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠦᠯᠢ ᠶᠢᠨ ᠠᠶᠠᠨᠴᠢᠳ ᠤᠨ ᠪᠠᠭᠤᠳᠠᠯ ᠡᠷᠬᠢᠯᠡᠵᠦ᠂ ᠲᠠᠷᠢᠶᠠᠴᠢᠨ ᠠᠶᠢᠯ ᠤᠨ ᠵᠤᠭᠠᠴᠠᠯ ᠢ ᠳᠡᠯᠭᠡᠷᠡᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠲᠣᠰᠬᠤᠨ ᠤ ᠠᠷᠠᠳ ᠲᠠᠢ ᠬᠠᠮᠲᠤᠪᠠᠷ ᠴᠢᠷᠮᠠᠶᠢᠬᠤ ᠪᠠᠷ ᠳᠠᠮᠵᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠤᠢ ᠵᠢᠮᠢᠰ ᠢᠶᠠᠷ ᠲᠡᠭᠦᠬᠦ ᠶᠢ ᠠᠬᠢᠭᠤᠯᠬᠤ᠂ ᠲᠡᠭᠦᠬᠦ ᠪᠠᠷ ᠲᠠᠷᠢᠶᠠᠴᠢᠨ ᠠᠶᠢᠯ ᠤᠨ ᠵᠤᠭᠠᠴᠠᠯ ᠢ ᠠᠬᠢᠭᠤᠯᠬᠤ ᠰᠡᠯᠡᠭᠦᠴᠡᠯ ᠵᠤᠭᠠᠴᠠᠯ ᠤᠨ ᠦᠢᠯᠡᠰ ᠤᠨ ᠪᠦᠯᠦᠭᠵᠢᠯ ᠢ ᠪᠦᠷᠢᠯᠳᠦᠭᠦᠯᠦᠨ᠎ᠡ᠃      ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠪᠠᠷ ᠳᠠᠮᠵᠢᠭᠤᠯᠵᠤ᠂ ᠵᠤᠭᠠᠴᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠪᠣᠯᠣᠨ ᠦᠵᠡᠮᠵᠢ᠂ ᠲᠥᠬᠦᠭᠡᠷᠦᠮᠵᠢ ᠪᠣᠯᠣᠨ ᠦᠢᠯᠡᠴᠢᠯᠡᠭᠡ᠂ ᠪᠦᠲᠦᠭᠡᠭᠳᠡᠬᠦᠨ ᠪᠣᠯᠣᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ︽ᠣᠷᠴᠢᠨ ᠲᠣᠭᠤᠷᠢᠨ ᠰᠠᠶᠢᠬᠠᠨ᠂ ᠠᠵᠤ ᠦᠢᠯᠡᠰ ᠬᠥᠭᠵᠢᠭᠰᠡᠨ᠂ ᠰᠣᠶᠣᠯ ᠬᠥᠭᠵᠢᠭᠰᠡᠨ︾ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠨᠤᠭᠤᠳ ᠬᠤᠲᠣᠩ ᠠᠷᠠᠳ ᠤᠨ ᠲᠣᠭᠤᠷᠢᠭ ᠤᠨ ᠡᠬᠡ ᠭᠠᠵᠠᠷ ᠲᠤ ᠰᠢᠨ᠎ᠡ ᠳᠦᠷᠰᠦ ᠪᠠᠶᠢᠳᠠᠯ ᠢᠶᠠᠨ ᠢᠯᠡᠷᠡᠭᠦᠯᠦᠨ᠎ᠡ᠃      ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠰᠤᠷᠭᠠᠨ ᠬᠥᠮᠦᠵᠢᠯ ᠬᠥᠭᠵᠢᠵᠦ ᠪᠠᠶᠢᠨ᠎ᠠ      ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠳᠠᠭ ᠪᠣᠯᠬᠤᠷ ᠭᠡᠷ ᠤᠨ ᠡᠭᠦᠳᠡᠨ ᠳᠠᠬᠢ ᠰᠠᠶᠢᠨ ᠰᠤᠷᠭᠠᠭᠤᠯᠢ ᠶᠢ ᠪᠤᠶ ᠪᠣᠯᠭᠠᠵᠤ᠂ ᠬᠡᠦᠬᠡᠳ ᠢ ᠰᠤᠷᠭᠠᠭᠤᠯᠢ ᠳᠤ ᠣᠷᠣᠬᠤ᠂ ᠰᠤᠷᠭᠠᠭᠤᠯᠢ ᠳᠤ ᠣᠷᠣᠬᠤ ᠳᠤ ᠰᠠᠶᠢᠨ ᠪᠣᠯᠭᠠᠬᠤ ᠪᠣᠯ ᠣᠯᠠᠨ ᠲᠦᠮᠡᠨ ᠤ ᠬᠦᠰᠡᠯ ᠡᠷᠡᠮᠡᠯᠵᠡᠯ ᠮᠥᠨ᠂ ᠨᠡᠩ ᠴᠤ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠴᠢᠷᠮᠠᠶᠢᠬᠤ ᠴᠢᠭᠯᠡᠯ ᠮᠥᠨ᠃
     ᠰᠢᠨ᠎ᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠡᠷᠦᠨᠢ ᠮᠠᠰᠢ ᠤᠯᠠᠨ ᠬᠥᠮᠥᠰ ᠤᠨ ᠰᠡᠳᠬᠢᠯ ᠢ ᠲᠠᠲᠠᠵᠤ ᠪᠠᠶᠢᠳᠠᠭ᠃ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠵᠠᠰᠠᠭ ᠵᠠᠬᠢᠷᠭᠠᠨ ᠤ ᠠᠰᠠᠷ᠂ ᠮᠡᠳᠡᠭᠦᠯᠦᠯᠲᠡ ᠶᠢᠨ ᠲᠢᠩᠬᠢᠮ᠂ ᠪᠡᠶ᠎ᠡ ᠶᠢᠨ ᠲᠠᠮᠢᠷ ᠤᠨ ᠣᠷᠳᠣᠨ ᠤ ᠶᠡᠷᠦᠩᠬᠡᠶᠢᠯᠡᠭᠰᠡᠨ ᠠᠰᠠᠷ᠂ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠣᠷᠠᠬᠢ ᠭᠡᠷ ᠲᠤ ᠣᠷᠣᠬᠤ ᠳᠤ᠂ ᠰᠤᠷᠤᠭᠴᠢᠳ ᠤᠨ ᠬᠤᠭᠤᠯᠠᠨ ᠭᠡᠷ ᠵᠢᠴᠢ ᠲᠥᠬᠦᠭᠡᠷᠦᠮᠵᠢ ᠳᠤ ᠬᠡᠷᠡᠭᠯᠡᠬᠦ ᠭᠡᠷ ᠪᠦᠷᠢᠨ ᠪᠠᠶᠢᠨ᠎ᠠ᠃ ᠤᠯᠠᠨ ᠴᠢᠳᠠᠮᠵᠢᠲᠤ ᠪᠡᠶ᠎ᠡ ᠶᠢᠨ ᠲᠠᠮᠢᠷ ᠤᠨ ᠲᠠᠯᠠᠪᠠᠢ᠂ ᠪᠠᠷᠢᠮᠵᠢᠶᠠᠵᠢᠭᠰᠠᠨ ᠬᠤᠭᠤᠯᠠᠨ ᠭᠡᠷ ᠨᠢ ᠬᠥᠮᠥᠰ ᠤᠨ ᠠᠩᠬᠠᠷᠤᠯ ᠢ ᠲᠠᠲᠠᠨ᠎ᠠ᠃ ᠡᠨᠡ ᠪᠣᠯ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠢ ᠪᠦᠬᠦ᠋ᠢᠯᠡ ᠣᠷᠣᠨ ᠨᠤᠲᠤᠭ ᠤᠨ ᠬᠥᠭᠵᠢᠯᠲᠡ ᠶᠢᠨ ᠲᠡᠷᠢᠭᠦᠨ ᠪᠠᠶᠢᠷᠢᠨ ᠳᠤ ᠲᠠᠯᠪᠢᠭᠰᠠᠨ ᠤ ᠬᠤᠷᠢᠶᠠᠩᠭᠤᠢ ᠳᠦᠷᠰᠦ ᠪᠣᠯᠣᠨ᠎ᠠ᠃      ᠬᠤᠲᠣᠩ ᠠᠷᠠᠳ ᠤᠨ ᠲᠣᠭᠤᠷᠢᠭ ᠤᠨ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠪᠠᠶᠢᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ ᠭᠤᠷᠪᠠᠨ ᠵᠢᠯ ᠳᠤ ︽ᠶᠢᠰᠦᠨ ᠰᠤᠷᠭᠠᠭᠤᠯᠢ ᠲᠤᠯᠤᠭᠠᠨ ᠬᠦᠷᠢᠶᠡᠯᠡᠩ︾ ᠢ ᠲᠥᠯᠥᠪᠵᠢᠭᠦᠯᠦᠨ ᠪᠠᠶᠢᠭᠤᠯᠵᠤ᠂ ᠣᠳᠣᠬᠠᠨ ᠳᠤ ᠨᠢᠭᠡᠨᠲᠡ 12 ᠰᠤᠷᠭᠠᠭᠤᠯᠢ ᠶᠢᠨ ᠬᠦᠷᠢᠶ᠎ᠡ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠭᠦᠯᠵᠦ᠂ ︽ᠳᠥᠷᠪᠡᠨ ᠰᠤᠷᠭᠠᠭᠤᠯᠢ ᠲᠠᠪᠤᠨ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠪᠠ᠃
     2023 ᠣᠨ ᠳᠤ᠂ ᠬᠤᠲᠣᠩ ᠠᠷᠠᠳ ᠤᠨ ᠲᠣᠭᠤᠷᠢᠭ ᠭᠠᠳᠠᠭᠠᠳᠤ ᠠᠴᠠ ᠰᠢᠯᠢᠳᠡᠭ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠬᠠᠮᠲᠤᠷᠠᠨ ᠰᠤᠷᠭᠠᠭᠤᠯᠢ ᠡᠷᠬᠢᠯᠡᠬᠦ ᠵᠠᠭᠪᠤᠷ ᠢ ᠰᠦᠪᠡᠭᠴᠢᠯᠡᠨ ᠦᠢᠯᠡᠳᠦᠯᠭᠡᠵᠢᠭᠦᠯᠵᠦ᠂ 3 ᠰᠠᠭᠤᠷᠢ ︽ᠶᠢᠰᠦᠨ ᠵᠢᠯ ᠤᠨ ᠳᠦᠷᠢᠮᠲᠦ︾ ᠰᠤᠷᠭᠠᠭᠤᠯᠢ ᠶᠢ ᠪᠠᠶᠢᠭᠤᠯᠪᠠ᠂ ᠨᠢᠭᠡ ᠳᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠪᠣᠯᠣᠨ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢ ᠪᠠᠶᠢᠭᠤᠯᠪᠠ᠃ ᠬᠤᠶᠠᠷ ᠲᠤ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠲᠠᠢ ᠬᠠᠮᠲᠤᠷᠠᠨ᠂ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢ ᠬᠠᠮᠲᠤᠪᠠᠷ ᠪᠠᠶᠢᠭᠤᠯᠪᠠ᠃ ᠭᠤᠷᠪᠠ ᠳᠤ᠂ ᠬᠠᠢ ᠯᠢᠶᠠᠩ ᠰᠤᠷᠭᠠᠨ ᠬᠥᠮᠦᠵᠢᠯ ᠤᠨ ᠪᠦᠯᠦᠭᠯᠡᠯ ᠢ ᠣᠷᠣᠭᠤᠯᠤᠨ ᠠᠪᠴᠢᠷᠠᠵᠤ ᠬᠥᠬᠡᠬᠤᠲᠠ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ ᠬᠢᠭᠡᠳ ᠬᠡᠲᠦ ᠪᠠᠭ᠎ᠠ ᠨᠠᠷᠠᠲᠤ ᠰᠤᠷᠭᠠᠭᠤᠯᠢ ᠶᠢᠨ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠪᠠ᠃ ᠨᠠᠷᠠᠲᠤ ᠰᠤᠷᠭᠠᠭᠤᠯᠢ ᠶᠢᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠷ᠎ᠡ ᠳᠤᠷᠠᠳᠤᠭᠰᠠᠨ ᠰᠤᠷᠭᠠᠭᠤᠯᠢ ᠶᠢ ᠠᠷᠠᠳ ᠣᠯᠠᠨ ᠳᠤ ᠮᠡᠳᠡᠷᠡᠭᠳᠡᠭᠰᠡᠨ ᠰᠢᠯᠢᠳᠡᠭ ᠰᠤᠷᠭᠠᠭᠤᠯᠢ ᠪᠣᠯᠭᠠᠨ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠬᠥᠲᠥᠯᠥᠨ ᠳᠠᠭᠠᠭᠤᠯᠵᠤ ᠨᠥᠯᠥᠭᠡᠯᠡᠨ ᠳᠠᠶᠢᠴᠢᠯᠠᠨ᠎ᠠ᠃      9 ᠳ᠋ᠦ᠋ᠭᠡᠷ ᠰᠠᠷ᠎ᠠ ᠶᠢᠨ 25 ᠤ ᠡᠳᠦᠷ᠂ ᠬᠤᠲᠣᠩ ᠠᠷᠠᠳ ᠤᠨ ᠲᠣᠭᠤᠷᠢᠭ ᠲᠤ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠵᠢᠶᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠢᠦᠢ ᠵᠢᠶᠠᠨ ᠬᠤᠸᠠ ᠶᠢᠨ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠪᠡᠭᠡᠵᠢᠩ ᠥᠪᠥᠷ ᠮᠣᠩᠭᠤᠯ ᠬᠠᠮᠲᠤᠷᠠᠯᠴᠠᠬᠤ᠂ ᠬᠤᠲᠠ ᠲᠣᠭᠤᠷᠢᠭ ᠬᠠᠮᠲᠤᠪᠠᠷ ᠪᠠᠶᠢᠭᠤᠯᠬᠤ᠂ ᠨᠠᠷᠠᠲᠤ ᠰᠤᠷᠭᠠᠭᠤᠯᠢ ᠪᠠᠷ ᠬᠥᠲᠥᠯᠥᠨ ᠳᠠᠭᠠᠭᠤᠯᠬᠤ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠪᠠᠷ ᠳᠠᠮᠵᠢᠭᠤᠯᠤᠨ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠴᠢᠦᠢ ᠵᠢᠶᠠᠨ ᠬᠤᠸᠠ ᠶᠢᠨ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ ᠤᠨ ᠨᠥᠯᠥᠭᠡᠯᠡᠨ ᠳᠠᠭᠠᠭᠤᠯᠬᠤ ᠦᠢᠯᠡᠳᠦᠯ ᠢ ᠭᠦᠢᠴᠡᠳ ᠠᠰᠢᠭᠯᠠᠨ᠂ ᠬᠤᠲᠣᠩ ᠠᠷᠠᠳ ᠤᠨ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠦᠨ᠎ᠡ᠃
     ᠬᠤᠲᠣᠩ ᠠᠷᠠᠳ ᠤᠨ ᠲᠣᠭᠤᠷᠢᠭ ᠤᠨ ᠬᠢᠨ ᠣᠷᠣᠨ ᠪᠦᠰᠡ ᠶᠢᠨ ᠳᠣᠲᠣᠷᠠᠬᠢ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠷᠢᠳ ᠬᠤᠵᠢᠳ ᠲᠢᠶᠧ ᠨᠢᠭᠡᠳᠦᠭᠡᠷ ᠳᠤᠮᠳᠠᠳᠤ ᠰᠤᠷᠭᠠᠭᠤᠯᠢ᠂ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠂ ᠪᠧᠯ ᠵᠠᠮ ᠤᠨ ᠪᠠᠭ᠎ᠠ ᠰᠤᠷᠭᠠᠭᠤᠯᠢ᠂ ᠲᠠᠪᠤᠳᠤᠭᠠᠷ ᠬᠡᠦᠬᠡᠳ ᠤᠨ ᠴᠡᠴᠡᠷᠯᠢᠭ ᠵᠡᠷᠭᠡ 7 ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠣᠯᠣᠨ 7 ᠬᠡᠦᠬᠡᠳ ᠤᠨ ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ ᠤᠤᠯ ᠤᠨ 13 ᠳᠤᠮᠳᠠᠳᠤ ᠰᠤᠷᠭᠠᠭᠤᠯᠢ ᠪᠣᠯᠣᠨ 31 ᠳᠤᠮᠳᠠᠳᠤ ᠰᠤᠷᠭᠠᠭᠤᠯᠢ ᠶᠢ ᠠᠮᠢᠯᠠᠭᠤᠯᠵᠤ᠂ ᠬᠡᠳᠦᠨ ᠬᠥᠳᠡᠭᠡ ᠲᠣᠰᠬᠤᠨ ᠤ ᠰᠤᠷᠭᠠᠭᠤᠯᠢ ᠶᠢᠨ ᠬᠥᠭᠵᠢᠯᠲᠡ ᠶᠢ ᠳᠠᠶᠢᠴᠢᠯᠠᠵᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠲᠡᠷᠢᠭᠦᠨ ᠤ ᠣᠶᠢᠯᠠᠭᠠᠭᠳᠠᠬᠤᠨ ᠢ ᠰᠤᠷᠤᠯᠴᠠᠪᠠ᠃      ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠰᠤᠷᠭᠠᠨ ᠬᠥᠮᠦᠵᠢᠯ ᠤᠨ ᠪᠠᠶᠢᠷᠢᠰᠢᠯ ᠤᠨ ︽ᠡᠮᠦᠨ᠎ᠡ ᠲᠠᠯ᠎ᠠ ᠨᠢ ᠤᠯᠠᠨ ᠤᠮᠠᠷ᠎ᠠ ᠨᠢ ᠴᠥᠭᠡᠨ᠂ ᠵᠡᠭᠦᠨ ᠲᠠᠯ᠎ᠠ ᠨᠢ ᠬᠦᠴᠦᠷᠬᠡᠭ ᠪᠠᠷᠠᠭᠤᠨ ᠲᠠᠯ᠎ᠠ ᠨᠢ ᠪᠠᠭᠤᠷᠠᠢ︾ ᠪᠠᠶᠢᠬᠤ ᠪᠠᠶᠢᠷᠢᠰᠢᠯ ᠢ ᠬᠤᠪᠢᠷᠠᠭᠤᠯᠵᠤ᠂ ᠬᠤᠲᠣᠩ ᠠᠷᠠᠳ ᠤᠨ ᠲᠣᠭᠤᠷᠢᠭ ᠭᠡᠬᠦ ᠡᠨᠡ ᠬᠦ ᠰᠤᠷᠭᠠᠨ ᠬᠥᠮᠦᠵᠢᠯ ᠤᠨ ᠬᠠᠭᠤᠴᠢᠨ ᠰᠠᠭᠤᠷᠢᠨ ᠭᠠᠵᠠᠷ ᠢ ᠰᠤᠷᠭᠠᠨ ᠬᠥᠮᠦᠵᠢᠯ ᠤᠨ ᠬᠦᠴᠦᠷᠬᠡᠭ ᠣᠷᠣᠨ ᠪᠣᠯᠭᠠᠨ ᠦᠨᠡᠨ ᠬᠦ ᠪᠦᠲᠦᠭᠡᠨ ᠪᠠᠶᠢᠭᠤᠯᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号