ᠬᠤᠲᠣᠩ ᠠᠷᠠᠳ ᠤᠨ ᠲᠣᠭᠤᠷᠢᠭ ᠤᠨ ᠡᠪᠯᠡᠯ ᠤᠨ ᠬᠤᠷᠢᠶ᠎ᠠ ᠰᠤᠷᠭᠠᠭᠤᠯᠢ ᠪᠠ ᠣᠷᠣᠨ ᠨᠤᠲᠤᠭ᠂ ᠰᠤᠷᠭᠠᠭᠤᠯᠢ ᠪᠠ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/11
      ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ ᠵᠠᠰᠠᠭ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠰᠠᠶᠢᠨ ᠰᠠᠶᠢᠬᠠᠨ ᠪᠠᠶᠢᠳᠠᠯ ᠢ ᠡᠷᠢᠯᠬᠢᠯᠡᠵᠦ᠂ 10 ᠳ᠋ᠤᠭᠠᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠲᠣᠩ ᠠᠷᠠᠳ ᠤᠨ ᠲᠣᠭᠤᠷᠢᠭ ᠤᠨ ᠬᠤᠷᠢᠶ᠎ᠠ᠂ ᠠᠯᠠᠱᠠ ᠶᠢᠨ ᠬᠤᠶᠢᠲᠤ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠨᠡᠶᠢᠲᠡ ᠶᠢᠨ ᠪᠤᠰᠤ ᠡᠪᠯᠡᠯ ᠤᠨ ᠠᠵᠢᠯ ᠤᠨ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠭᠤᠣᠯᠤᠨᠲ ᠨᠡᠶᠢᠭᠡᠮ ᠲᠣᠭᠤᠷᠢᠭ ᠲᠤ ︽ᠰᠤᠷᠭᠠᠭᠤᠯᠢ ᠣᠷᠣᠨ ᠨᠤᠲᠤᠭ᠂ ᠰᠤᠷᠭᠠᠭᠤᠯᠢ ᠠᠵᠤ ᠠᠬᠤᠶᠢᠯᠠᠯ ᠢ ᠬᠠᠮᠲᠤᠪᠠᠷ ᠪᠠᠶᠢᠭᠤᠯᠬᠤ ᠶᠠᠷᠢᠯᠴᠠᠬᠤ ᠬᠤᠷᠠᠯ︾ ᠳᠤ ᠣᠷᠣᠯᠴᠠᠵᠤ᠂ ᠴᠢᠳᠠᠪᠤᠷᠢᠲᠠᠨ ᠤ ᠬᠥᠭᠵᠢᠯᠲᠡ ᠶᠢᠨ ᠬᠠᠮᠲᠤᠷᠠᠯᠴᠠᠭ᠎ᠠ ᠶᠢ ᠭᠦᠨᠵᠡᠭᠡᠢ ᠰᠤᠳᠤᠯᠤᠨ ᠶᠠᠷᠢᠯᠴᠠᠵᠤ ᠰᠤᠳᠤᠯᠪᠠ᠃      ᠬᠤᠷᠠᠯ ᠡᠬᠢᠯᠡᠮᠡᠭᠴᠡ᠂ ᠭᠤᠯᠤᠨᠲ ᠨᠡᠶᠢᠭᠡᠮ ᠲᠣᠭᠤᠷᠢᠭ ᠤᠨ ᠱᠦᠵᠢ ᠤᠯᠠᠨ ᠳᠤ ᠨᠡᠶᠢᠭᠡᠮ ᠲᠣᠭᠤᠷᠢᠭ ᠵᠢᠴᠢ ᠵᠠᠯᠠᠭᠤᠴᠤᠳ ᠤᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠬᠤ ᠶᠢᠨ ᠬᠠᠮᠲᠤ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠣᠶᠤᠲᠠᠳ ᠤᠨ ᠰᠠᠶᠢᠨ ᠳᠤᠷ᠎ᠠ ᠶᠢᠨ ᠦᠢᠯᠡᠴᠢᠯᠡᠭᠡ ᠵᠢᠴᠢ ᠨᠡᠶᠢᠭᠡᠮ ᠤᠨ ᠦᠢᠯᠡᠳᠦᠯᠭᠡ ᠵᠡᠷᠭᠡ ᠠᠵᠢᠯ ᠢ ᠬᠡᠷᠬᠢᠨ ᠠᠬᠢᠭᠤᠯᠬᠤ ᠲᠤᠬᠠᠢ ᠥᠪᠡᠷ ᠤᠨ ᠲᠥᠷᠥᠭᠳᠡᠯ ᠢᠶᠠᠨ ᠢᠯᠡᠳᠬᠡᠵᠡᠢ᠃      ᠶᠡᠭᠡ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠲᠣᠰ ᠰᠤᠷᠭᠠᠭᠤᠯᠢ ᠶᠢᠨ ᠲᠤᠰᠬᠠᠢ ᠮᠡᠷᠭᠡᠵᠢᠯ᠂ ᠰᠣᠷᠣᠭᠴᠢ ᠶᠢᠨ ᠠᠵᠢᠯ ᠣᠯᠣᠭᠰᠠᠨ ᠨᠣᠷᠮ᠎ᠠ᠂ ᠵᠠᠰᠠᠭ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠴᠢᠳᠠᠪᠤᠷᠢᠲᠠᠨ ᠢ ᠬᠥᠮᠥᠵᠢᠭᠦᠯᠬᠦ᠂ ᠳᠠᠳᠤᠯᠭ᠎ᠠ ᠶᠢᠨ ᠪᠣᠯᠪᠠᠰᠤᠷᠠᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃      ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠬᠥᠭᠵᠢᠯᠲᠡ ᠶᠢᠨ ᠪᠠᠶᠢᠳᠠᠯ ᠪᠠ ᠬᠥᠮᠥᠨ ᠬᠡᠷᠡᠭᠯᠡᠬᠦ ᠬᠡᠷᠡᠭᠴᠡᠭᠡ ᠶᠢᠨ ᠲᠤᠬᠠᠢ ᠶᠠᠷᠢᠶ᠎ᠠ ᠲᠠᠯᠪᠢᠭᠰᠠᠨ ᠪᠥᠭᠡᠳ ᠺᠣᠮᠫᠠᠨᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠭᠠᠭᠤᠯᠢ ᠪᠠ ᠠᠵᠤ ᠠᠬᠤᠶᠢᠯᠠᠯ ᠬᠠᠮᠲᠤ ᠪᠠᠷ ᠪᠠᠶᠢᠭᠤᠯᠬᠤ ᠲᠤᠬᠠᠢ ᠵᠠᠷᠢᠮ ᠪᠣᠳᠣᠯ ᠢᠶᠠᠨ ᠳᠤᠷᠠᠳᠤᠭᠰᠠᠨ ᠪᠠᠶᠢᠨ᠎ᠠ᠃ ᠲᠡᠳᠡ ᠬᠤᠶᠠᠷ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠡᠮᠬᠢᠯᠡᠨ ᠨᠡᠶᠢᠯᠡᠭᠦᠯᠬᠦ᠂ ᠣᠨᠴᠠᠯᠢᠭ ᠢ ᠬᠠᠮᠲᠤ ᠪᠠᠷ ᠪᠠᠶᠢᠭᠤᠯᠬᠤ᠂ ᠦᠷ᠎ᠡ ᠪᠦᠲᠦᠭᠡᠯ ᠢ ᠬᠠᠷᠢᠯᠴᠠᠨ ᠡᠳ᠋ᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠴᠢᠳᠠᠪᠤᠷᠢᠲᠠᠨ ᠢ ᠨᠡᠩ ᠰᠠᠶᠢᠲᠤᠷ ᠨᠢᠭᠲᠠᠷᠠᠭᠤᠯᠵᠤ᠂ ᠰᠤᠷᠭᠠᠭᠤᠯᠢ ᠪᠣᠯᠣᠨ ᠠᠵᠤ ᠠᠬᠤᠶᠢᠯᠠᠯ ᠬᠤᠶᠠᠷ ᠲᠠᠯ᠎ᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠬᠠᠮᠤᠭ ᠰᠡᠭᠦᠯ ᠳᠤ᠂ ᠡᠪᠯᠡᠯ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠦᠨ ᠢᠦᠢ ᠭᠤᠷᠪᠠᠨ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠤᠲᠠᠯᠠᠵᠤ ᠳᠡᠮᠵᠢᠵᠤ ᠪᠠᠶᠢᠬᠤ ᠪᠠᠨ ᠢᠯᠡᠳᠬᠡᠵᠡᠢ︔ ᠵᠠᠯᠭᠠᠭᠠᠳ ᠲᠡᠷᠡ ︽ᠭᠤᠣᠯ ᠰᠡᠳᠦᠪᠲᠦ ᠬᠥᠮᠦᠵᠢᠯ ᠢ ᠬᠡᠷᠬᠢᠨ ᠴᠢᠨᠠᠷ ᠰᠠᠶᠢᠲᠠᠢ ᠰᠠᠶᠢᠲᠤᠷ ᠠᠳᠬᠤᠬᠤ︾ ᠲᠣᠭᠤᠷᠢᠨ ᠳᠤ ᠵᠥᠪ ᠣᠨᠣᠪᠴᠢᠲᠠᠢ ᠰᠠᠨᠠᠯ ᠰᠠᠨᠠᠭᠤᠯᠭ᠎ᠠ ᠳᠤᠷᠠᠳᠪᠠ᠄ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠰᠠᠶᠢᠲᠤᠷ ᠠᠳᠬᠤᠵᠤ᠂ ᠬᠠᠮᠤᠭ ᠡᠴᠦᠰ ᠤᠨ ᠲᠤᠰᠤᠯᠲᠠ ᠪᠣᠯ ᠳᠠᠷᠤᠢ ᠠᠷᠠᠳ ᠣᠯᠠᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠠᠪᠤᠳᠠᠯ ᠪᠣᠯᠣᠨ᠎ᠠ᠂ ᠰᠤᠷᠭᠠᠭᠤᠯᠢ ᠣᠷᠣᠨ ᠨᠤᠲᠤᠭ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠡᠷᠡᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠣᠷᠣᠨ ᠨᠤᠲᠤᠭ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠠᠮᠲᠤ ᠪᠠᠷ ᠡᠳ᠋ᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠡᠨᠡ ᠨᠢ ᠨᠡᠶᠢᠭᠡᠮ ᠲᠣᠭᠤᠷᠢᠭ ᠤᠨ ᠵᠠᠯᠠᠭᠤᠴᠤᠳ ᠤᠨ ᠬᠦᠴᠦᠨ ᠢ ᠲᠡᠭᠦᠯᠳᠡᠷᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠣᠶᠤᠲᠠᠳ ᠲᠤ ᠦᠢᠯᠡᠳᠦᠯᠭᠡ ᠪᠠᠷ ᠬᠥᠮᠥᠨ ᠬᠥᠮᠥᠵᠢᠭᠦᠯᠬᠦ ᠲᠠᠪᠴᠠᠩ ᠪᠠᠶᠢᠭᠤᠯᠤᠨ ᠥᠭᠴᠦ᠂ ᠬᠥᠬᠡᠬᠤᠲᠠ ᠶᠢᠨ ᠵᠠᠯᠠᠭᠤᠴᠤᠳ ᠤᠨ ᠬᠥᠭᠵᠢᠯᠲᠡ ᠶᠢᠨ ᠮᠠᠶ᠋ᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠪᠠᠶᠢᠨ᠎ᠠ᠃ ᠭᠤᠷᠪᠠᠨ ᠲᠠᠯ᠎ᠠ ᠪᠠᠷ ᠢᠶᠠᠨ ᠲᠤᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠯᠤᠰ ᠲᠦᠷᠦ ᠰᠤᠷᠭᠠᠭᠤᠯᠢ ᠣᠷᠣᠨ ᠨᠤᠲᠤᠭ ᠭᠤᠷᠪᠠᠨ ᠲᠠᠯ᠎ᠠ ᠶᠢᠨ ᠡᠯ᠎ᠡ ᠬᠦᠷᠢᠶᠡᠨ ᠤ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠬᠠᠮᠲᠤᠪᠠᠷ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠪᠠᠲᠤᠯᠠᠵᠤ᠂ ᠤᠯᠤᠰ ᠲᠦᠷᠦ ᠰᠤᠷᠭᠠᠭᠤᠯᠢ ᠣᠷᠣᠨ ᠨᠤᠲᠤᠭ ᠬᠠᠮᠲᠤᠪᠠᠷ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠬᠦᠴᠦ ᠪᠠᠨ ᠬᠠᠮᠲᠤᠳᠬᠠᠨ ᠠᠬᠢᠭᠤᠯᠵᠤ ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠤᠯᠤᠰ ᠲᠦᠷᠦ ᠰᠤᠷᠭᠠᠭᠤᠯᠢ ᠣᠷᠣᠨ ᠨᠤᠲᠤᠭ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠭᠠᠷ ᠬᠤᠯᠪᠣᠨ ᠬᠠᠮᠲᠤᠪᠠᠷ ᠪᠢᠴᠢᠭᠯᠡᠨ᠎ᠡ᠃
     ᠲᠤᠰ ᠤᠳᠠᠭ᠎ᠠ ᠶᠢᠨ ᠶᠠᠷᠢᠯᠴᠠᠬᠤ ᠬᠤᠷᠠᠯ ᠨᠢ ᠬᠤᠲᠣᠩ ᠠᠷᠠᠳ ᠤᠨ ᠲᠣᠭᠤᠷᠢᠭ ᠤᠨ ᠡᠪᠯᠡᠯ ᠤᠨ ᠬᠤᠷᠢᠶ᠎ᠠ ᠶᠢᠨ ᠨᠡᠪᠲᠡᠷᠡᠯᠴᠡᠬᠦ ᠲᠠᠪᠴᠠᠩ ᠪᠠᠶᠢᠭᠤᠯᠬᠤ ᠪᠠᠷ ᠳᠠᠮᠵᠢᠭᠤᠯᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠨᠡᠶᠢᠭᠡᠮ ᠲᠣᠭᠤᠷᠢᠭ ᠤᠨ ᠬᠤᠭᠤᠷᠣᠨᠳᠣᠬᠢ ᠨᠡᠪᠲᠡᠷᠡᠯᠴᠡᠬᠦ ᠠᠷᠭ᠎ᠠ ᠵᠠᠮ ᠢ ᠨᠠᠪᠲᠠᠷᠡᠭᠦᠯᠵᠦ᠂ ᠭᠤᠷᠪᠠᠨ ᠲᠠᠯ᠎ᠠ ᠶᠢᠨ ᠬᠢᠨ ᠤ ᠨᠢᠭᠤᠷᠳᠠᠨ ᠬᠠᠮᠲᠤᠷᠠᠯᠴᠠᠭ᠎ᠠ ᠰᠣᠯᠢᠯᠴᠠᠭ᠎ᠠ ᠬᠢᠬᠦ ᠶᠢ ᠠᠬᠢᠭᠤᠯᠵᠤ᠂ ᠪᠦᠲᠦᠮᠵᠢᠲᠡᠢ ᠬᠥᠭᠵᠢᠯᠲᠡ ᠶᠢᠨ ᠲᠣᠭᠲᠠᠴᠠ ᠶᠢ ᠪᠠᠶᠢᠭᠤᠯᠵᠠᠢ᠃ ᠡᠪᠯᠡᠯ ᠲᠣᠭᠤᠷᠢᠭ ᠤᠨ ᠬᠤᠷᠢᠶ᠎ᠠ ᠶᠢᠨ ᠬᠢᠨ ᠬᠠᠷᠢᠶ᠎ᠠ ᠣᠷᠣᠨ ᠤ ᠳᠣᠲᠣᠷᠠᠬᠢ ᠰᠤᠷᠭᠠᠭᠤᠯᠢ᠂ ᠠᠵᠤ ᠠᠬᠤᠶᠢᠯᠠᠯ ᠵᠡᠷᠭᠡ ᠠᠰᠢᠭ ᠲᠤᠰᠠ ᠶᠢᠨ ᠬᠤᠯᠪᠣᠭᠳᠠᠯ ᠪᠦᠬᠦᠢ ᠲᠠᠯ᠎ᠠ ᠶᠢᠨ  ᠬᠢᠨ ᠲᠠᠢ ᠣᠯᠣᠯᠴᠠᠭ᠎ᠠ ᠰᠣᠯᠢᠯᠴᠠᠭ᠎ᠠ ᠪᠠᠨ ᠢᠳᠡᠪᠬᠢᠲᠡᠢ ᠴᠢᠩᠭᠠᠳᠬᠠᠵᠤ᠂ ᠬᠥᠭᠵᠢᠯᠲᠡ ᠳᠤ ᠠᠩᠬᠠᠷᠤᠯ ᠢᠶᠠᠨ ᠬᠠᠨᠳᠤᠭᠤᠯᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠎ᠡ︔ ᠲᠡᠷᠡᠴᠢᠯᠡᠨ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠪᠣᠯᠣᠨ ᠨᠡᠶᠢᠭᠡᠮ ᠤᠨ ᠬᠥᠭᠵᠢᠯᠲᠡ ᠶᠢᠨ ᠬᠠᠷᠢᠯᠴᠠᠨ ᠠᠬᠢᠭᠤᠯᠬᠤ ᠶᠢ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠣᠯᠣᠨ ᠭᠤᠣᠯᠳᠠᠯᠭ᠎ᠠ ᠲᠠᠢ ᠠᠵᠢᠯ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠢ ᠠᠬᠢᠭᠤᠯᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号