| ᠬᠥᠬᠡᠬᠤᠲᠠ ᠵᠠᠰᠠᠭ ᠲᠠᠷᠬᠠᠭᠠᠭᠰᠠᠨ ﹇2023﹈ 24 ᠳ᠋ᠦ᠋ᠭᠡᠷ ᠲᠣᠭᠠᠲᠤ | | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ︾ ᠶᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 8 ᠳ᠋ᠤᠭᠠᠷ ᠰᠠᠷ᠎ᠠ ᠶᠢᠨ 24 ᠤ ᠡᠳᠦᠷ | | | ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ | | | ᠬᠥᠮᠥᠨ ᠠᠮᠠ ᠶᠢᠨ ᠣᠷᠣᠵᠤ ᠢᠷᠡᠬᠦ ᠶᠢ ᠠᠬᠢᠭᠤᠯᠵᠤ᠂ ᠬᠥᠮᠥᠨ ᠠᠮᠠ ᠶᠢᠨ ᠴᠢᠳᠠᠪᠤᠷᠢ ᠶᠢᠨ ᠲᠠᠰ ᠢ | ᠳᠡᠭᠡᠭᠰᠢᠯᠡᠭᠦᠯᠦᠨ᠂ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ | 2025 ᠣᠨ ᠤ ᠡᠴᠦᠰ ᠪᠣᠯᠬᠤ ᠳᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ 375 ᠲᠦᠮᠡ ᠶᠢ | ᠳᠠᠪᠠᠵᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 300 ᠲᠦᠮᠡ ᠶᠢ ᠳᠠᠪᠠᠭᠤ | ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ | ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 10 ᠵᠤᠷᠪᠤᠰ︾ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ | ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠴᠢᠨᠠᠷᠲᠠᠢ ᠠᠵᠢᠯ ᠣᠯᠬᠤ ᠠᠵᠢᠯ ᠤᠨ ᠪᠠᠶᠢᠷᠢ ᠶᠢ ᠡᠭᠦᠳᠦᠨ᠎ᠡ | ︵ᠨᠢᠭᠡ︶ ᠦᠢᠯᠡᠳᠬᠦ ᠦᠢᠯᠡᠰ ᠢ ᠬᠥᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠨ᠎ᠡ᠃ ᠲᠡᠷᠢᠭᠦᠨ ᠤ | ᠦᠢᠯᠡᠳᠬᠦ ᠦᠢᠯᠡᠰ ᠤᠨ ᠪᠥᠭᠡᠮᠨᠡᠷᠡᠯ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠲᠠᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠷᠪᠠᠨ ᠵᠢᠯ ᠤᠨ ᠳᠣᠲᠣᠷ᠎ᠠ ᠦᠢᠯᠡᠳᠬᠦ ᠦᠢᠯᠡᠰ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ 200 ᠶᠢ ᠲᠡᠳᠡᠨ ᠠᠪᠴᠢᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ 180 ᠶᠢ ᠰᠢᠨ᠎ᠡ ᠪᠠᠷ ᠨᠡᠮᠡᠭᠳᠡᠭᠦᠯᠦᠨ᠂ 50 ᠬᠥᠲᠥᠴᠢ ᠠᠵᠤ ᠠᠬᠤᠶᠢᠯᠠᠯ ᠢ | ᠪᠣᠶᠢᠵᠢᠭᠤᠯᠤᠨ ᠪᠠᠶᠢᠭᠤᠯᠤᠨ᠎ᠠ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠡᠯᠬᠢᠶᠡᠨ ᠤ | ᠭᠤᠣᠯᠯᠠᠬᠤ ᠠᠵᠤ ᠠᠬᠤᠶᠢᠯᠠᠯ ᠤᠨ ᠴᠢᠳᠠᠪᠤᠷᠢ ᠪᠠᠨ ᠳᠡᠭᠡᠭᠰᠢᠯᠡᠭᠦᠯᠦᠨ ᠠᠵᠢᠯ ᠤᠨ ᠪᠠᠶᠢᠷᠢ ᠪᠠᠨ ᠥᠷᠭᠡᠳᠬᠡᠬᠦ ᠶᠢ | ᠵᠣᠷᠢᠭᠵᠢᠭᠤᠯᠵᠤ᠂ 4.5 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠳᠠᠶᠢᠴᠢᠯᠠᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠬᠤᠶᠠᠷ︶ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠥᠷᠭᠡᠳᠬᠡᠨ᠎ᠡ᠃ ᠰᠢᠨ᠎ᠡ ᠪᠠᠷ ᠬᠢᠨᠠᠨ ᠲᠣᠭᠲᠠᠭᠠᠭᠰᠠᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ | ᠵᠢᠵᠢᠭ ᠠᠪᠤᠷᠭᠤ ᠬᠥᠮᠥᠨ︾ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠢ ᠨᠠᠷᠢᠯᠢᠭ | ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ | ᠠᠵᠤ ᠠᠬᠤᠶᠢᠯᠠᠯ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ᠂ 20 ᠲᠦᠮᠡᠨ | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠭᠤᠷᠪᠠᠨ ᠵᠢᠯ ᠤᠨ ᠳᠣᠲᠣᠷ᠎ᠠ ᠥᠪᠡᠷᠲᠡᠭᠡᠨ | ᠵᠠᠰᠠᠬᠤ ᠣᠷᠣᠨ ᠤ ᠲᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ 50 ᠠᠴᠠ ᠳᠡᠭᠡᠭᠰᠢ ᠬᠦᠷᠭᠡᠵᠦ᠂ ︽ | ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠪᠣᠯᠣᠨ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ | ᠵᠢᠵᠢᠭ ᠠᠵᠤ ᠠᠬᠤᠶᠢᠯᠠᠯ ᠢ 120 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 1ᠲᠦᠮᠡ ᠠᠴᠠ ᠳᠡᠭᠡᠭᠰᠢ | ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠲᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠭᠤᠷᠪᠠ︶ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢ | ᠬᠥᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠨ᠎ᠡ᠃ ᠵᠢᠯ ᠪᠦᠷᠢ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ | ᠲᠥᠷᠥᠯ ᠵᠦᠢᠯ ᠢ 100 ᠠᠴᠠ ᠳᠡᠭᠡᠭᠰᠢ ᠪᠠᠶᠢᠭᠤᠯᠵᠤ᠂ ᠲᠠᠪᠴᠠᠩ ᠤᠨ ᠠᠵᠤ ᠠᠬᠤᠢ ᠶᠢᠨ ᠬᠥᠭᠵᠢᠯᠲᠡ ᠶᠢ | ᠳᠡᠮᠵᠢᠵᠦ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠦᠷᠭᠡᠨ | ᠬᠦᠷᠭᠡᠯᠲᠡ ᠪᠠᠷᠠᠭᠠᠨ ᠤ ᠭᠦᠢᠯᠭᠡᠭᠡ᠂ ᠰᠦᠯᠵᠢᠶ᠎ᠡ ᠪᠠᠷ ᠪᠣᠯᠵᠣᠬᠤ ᠲᠡᠷᠭᠡ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠨ᠎ᠡ᠃ ᠭᠤᠷᠪᠠᠨ | ᠵᠢᠯ ᠤᠨ ᠳᠣᠲᠣᠷ᠎ᠠ 10 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠲᠠᠶᠢᠴᠢᠯᠠᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ︵ᠳᠥᠷᠪᠡ︶ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠣᠯᠭᠤᠨ᠎ᠠ᠃ | ᠰᠢᠨ᠎ᠡ ᠲᠡᠭᠦᠰᠦᠭᠰᠡᠨ ᠪᠠ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠨ ᠢᠶᠠᠷ ᠪᠦᠷᠢᠳᠬᠡᠭᠦᠯᠦᠭᠰᠡᠨ 16 ︱ 24 | ᠨᠠᠰᠤᠨ ᠤ ᠵᠠᠯᠠᠭᠤᠴᠤᠳ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠲᠡᠭᠦᠨ ᠳᠤ ᠨᠡᠶᠢᠭᠡᠮ ᠤᠨ | ᠳᠠᠭᠠᠳᠬᠠᠯ ᠤᠨ ᠰᠦᠢᠳᠬᠡᠯ ᠢ 1 ᠰᠠᠷ᠎ᠠ ᠠᠴᠠ ᠳᠡᠭᠡᠭᠰᠢ ᠲᠤᠰᠢᠶᠠᠭᠰᠠᠨ ᠠᠵᠤ ᠠᠬᠤᠶᠢᠯᠠᠯ ᠳᠤ ᠬᠥᠮᠥᠨ ᠪᠦᠷᠢ ᠶᠢᠨ | 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠥᠷᠭᠡᠳᠬᠡᠭᠰᠡᠨ ᠨᠥᠬᠦᠪᠦᠷᠢ ᠣᠯᠭᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶ | ︵ᠲᠠᠪᠤ︶ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠤᠨ᠎ᠠ᠃ ︽ᠠᠵᠢᠯ ᠣᠯᠵᠤ ᠦᠢᠯᠡᠰ | ᠴᠣᠭᠴᠠᠯᠠᠬᠤ ᠳᠤ ᠲᠣᠬᠢᠷᠠᠮᠵᠢᠲᠠᠢ ᠲᠥᠪ ᠬᠤᠲᠠ︾ ᠣᠶᠤᠨᠲᠤ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ | ᠲᠠᠪᠴᠠᠩ ᠢ ᠪᠦᠲᠦᠭᠡᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ ︽ᠵᠠᠯᠠᠭᠤᠴᠤᠳ ᠢ ᠬᠤᠳᠠ ᠳᠤ | ᠪᠤᠴᠠᠭᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ | ᠳᠠᠳᠤᠯᠭ᠎ᠠ ᠶᠢᠨ ᠰᠠᠭᠤᠷᠢᠨ ᠢ 80 ᠶᠢ ᠰᠢᠨ᠎ᠡ ᠪᠠᠷ ᠪᠠᠶᠢᠭᠤᠯᠵᠤ᠂ ᠵᠢᠯ ᠪᠦᠷᠢ 1000 ᠠᠴᠠ ᠳᠡᠭᠡᠭᠰᠢ ᠰᠢᠯᠢᠳᠡᠭ | ᠳᠠᠳᠤᠯᠭ᠎ᠠ ᠶᠢᠨ ᠠᠵᠢᠯ ᠤᠨ ᠪᠠᠶᠢᠷᠢ ᠶᠢ ᠡᠯᠰᠡᠵᠦ᠂ 3000 ᠠᠴᠠ ᠳᠡᠭᠡᠭᠰᠢ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠣᠶᠤᠲᠠᠳ ᠢ ᠲᠠᠲᠠᠵᠤ ᠬᠦᠬᠡᠬᠤᠲᠠ ᠳᠤ ᠢᠷᠡᠭᠦᠯᠵᠦ ᠳᠠᠳᠤᠯᠭ᠎ᠠ ᠳᠤ ᠣᠷᠣᠯᠴᠠᠭᠤᠯᠤᠨ᠎ᠠ᠃ ᠵᠢᠯ | ᠪᠦᠷᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ 100 | ᠲᠠᠯᠠᠪᠠᠢ ᠠᠴᠠ ᠳᠡᠭᠡᠭᠰᠢ ᠥᠷᠨᠢᠭᠦᠯᠵᠦ᠂ 10 ᠲᠦᠮᠡ ᠠᠴᠠ ᠳᠣᠣᠷ᠎ᠠ ᠦᠭᠡᠢ ᠠᠵᠢᠯ ᠤᠨ ᠪᠠᠶᠢᠷᠢ ᠬᠠᠩᠭᠠᠵᠤ᠂ 3 | ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ | ᠡᠪᠯᠡᠯ ᠤᠨ ᠬᠤᠷᠢᠶ᠎ᠠ︶ | ︵ᠵᠢᠷᠭᠤᠭ᠎ᠠ︶ ᠦᠢᠯᠡᠰ ᠴᠣᠭᠴᠠᠯᠠᠬᠤ ᠶᠢ ᠲᠡᠳᠬᠦᠵᠦ ᠳᠡᠮᠵᠢᠬᠦ ᠶᠢ ᠴᠢᠩᠭᠠᠳᠬᠠᠨ᠎ᠠ᠃ ᠦᠢᠯᠡᠰ | ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠢ 10᠂ ᠵᠠᠯᠠᠭᠤᠴᠤᠳ ᠤᠨ ᠦᠢᠯᠡᠰ ᠴᠣᠭᠴᠠᠯᠠᠬᠤ | ᠨᠡᠪᠴᠢᠭᠦᠯᠬᠦ ᠪᠠᠭᠠᠵᠢ ᠶᠢ 50 ᠶᠢ ᠰᠢᠨ᠎ᠡ ᠪᠠᠷ ᠪᠠᠶᠢᠭᠤᠯᠤᠨ᠎ᠠ᠃ ᠵᠠᠯᠠᠭᠤ ᠣᠶᠤᠲᠠᠳ ᠲᠣᠰ ᠬᠤᠲᠠ ᠳᠤ ᠵᠢᠵᠢᠭ | ᠪᠢᠴᠢᠯ ᠠᠵᠤ ᠠᠬᠤᠶᠢᠯᠠᠯ ︵ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠡᠷᠭᠢᠯᠡᠪᠡᠯ᠂ | ᠬᠠᠮᠤᠭ ᠤᠨ ᠥᠨᠳᠥᠷ ᠲᠡᠭᠡᠨ 5000 ᠲᠥᠭᠦᠷᠢᠭ ᠤᠨ ᠲᠠᠯᠠᠪᠤᠷ ᠤᠨ ᠲᠦᠷᠢᠶᠡᠰᠦᠨ ᠤ ᠨᠥᠬᠦᠪᠦᠷᠢ ᠭᠤᠶᠤᠴᠢᠯᠠᠵᠤ | ᠪᠣᠯᠣᠨ᠎ᠠ᠂ ᠡᠷᠭᠢᠯᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠬᠡᠲᠦ ᠶᠢᠨ ᠲᠥᠯᠥᠪ ᠰᠠᠶᠢᠨ᠂ | ᠳᠠᠶᠢᠴᠢᠯᠠᠵᠤ ᠠᠵᠢᠯ ᠣᠯᠭᠤᠬᠤ ᠬᠥᠮᠥᠨ ᠤ ᠲᠤᠭ᠎ᠠ ᠪᠠᠷ ᠨᠡᠯᠢᠶᠡᠳ ᠣᠯᠠᠨ ᠪᠠᠶᠢᠪᠠᠯ᠂ ᠬᠢᠨᠠᠨ ᠲᠣᠭᠲᠠᠭᠠᠭᠰᠠᠨ ᠤ | ᠳᠠᠷᠠᠭ᠎ᠠ ᠬᠠᠮᠤᠭ ᠤᠨ ᠥᠨᠳᠥᠷ ᠲᠡᠭᠡᠨ 600 ᠲᠦᠮᠡᠨ ᠲᠥᠭᠦᠷᠢᠭ ᠤᠨ ᠦᠢᠯᠡᠰ ᠴᠣᠭᠴᠠᠯᠠᠬᠤ ᠪᠠᠲᠤᠯᠠᠭᠠᠲᠤ | ᠵᠢᠭᠡᠯᠡᠯᠭᠡ ᠭᠤᠶᠤᠴᠢᠯᠠᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶ | ᠬᠤᠶᠠᠷ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ | ︵ᠳᠣᠯᠤᠭ᠎ᠠ︶ ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠭᠤᠷᠪᠠᠨ | ᠵᠢᠯ ᠤᠨ ᠳᠣᠲᠣᠷ᠎ᠠ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ᠂ ᠠᠵᠤ ᠠᠬᠤᠶᠢᠯᠠᠯ ᠠᠴᠠ ᠲᠣᠬᠢᠷᠠᠭᠤᠯᠤᠨ | ᠪᠠᠶᠢᠭᠤᠯᠬᠤ ᠪᠠ ᠵᠠᠬ᠎ᠠ ᠳᠡᠯᠭᠡᠭᠦᠷ ᠠᠴᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 4000 | ᠨᠡᠶᠢᠲᠡ ᠶᠢᠨ ᠲᠦᠷᠢᠶᠡᠰᠦᠨ ᠭᠡᠷ᠂ 1.3 ᠲᠦᠮᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ | ᠴᠤᠭᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠨᠠᠢᠮᠠ︶ ᠨᠡᠶᠢᠲᠡ ᠶᠢᠨ ᠲᠦᠷᠢᠶᠡᠰᠦᠨ ᠭᠡᠷ ᠭᠤᠶᠤᠴᠢᠯᠠᠬᠤ ᠨᠥᠬᠦᠴᠡᠯ ᠳᠤ ᠨᠡᠶᠢᠴᠡᠵᠦ᠂ ᠪᠣᠳᠠᠲᠠᠢ | ᠲᠦᠷᠢᠶᠡᠰᠦᠯᠡᠵᠦ ᠣᠯᠣᠭᠰᠠᠨ ᠦᠭᠡᠢ ᠬᠥᠮᠥᠰ ᠵᠢᠯ ᠪᠦᠷᠢ 2880 ᠲᠥᠭᠦᠷᠢᠭ ᠤᠨ ᠣᠷᠳᠣ ᠬᠤᠭᠤᠴᠠᠭᠠᠨ ᠤ | ᠲᠦᠷᠢᠶᠡᠰᠦᠨ ᠨᠥᠬᠦᠪᠦᠷᠢ ᠭᠤᠶᠤᠴᠢᠯᠠᠨ ᠠᠪᠴᠤ ᠪᠣᠯᠣᠨ᠎ᠠ᠃ ᠮᠠᠨ ᠤ ᠬᠤᠲᠠ ᠳᠤ ᠭᠡᠷ ᠪᠠᠶᠢᠰᠢᠩ ᠦᠭᠡᠢ | ᠵᠠᠯᠠᠭᠤᠴᠤᠳ᠂ ᠰᠢᠨ᠎ᠡ ᠬᠤᠲᠠ ᠶᠢᠨ ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ | ᠲᠦᠷᠢᠶᠡᠰᠦᠯᠡᠬᠦ ᠪᠠᠷ ᠭᠤᠶᠤᠴᠢᠯᠠᠬᠤ ᠳᠤ᠂ ᠲᠦᠷᠢᠶᠡᠰᠦᠨ ᠮᠥᠩᠭᠦ ᠨᠢ ᠵᠠᠬ᠎ᠠ ᠳᠡᠯᠭᠡᠭᠦᠷ ᠤᠨ ᠦᠨ᠎ᠡ ᠶᠢᠨ | 70% ᠠᠴᠠ ᠬᠡᠲᠦᠷᠡᠬᠦ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠶᠢᠰᠦ︶ ᠮᠠᠨ ᠤ ᠬᠤᠲᠠ ᠳᠤ ᠠᠩᠬ᠎ᠠ ᠤᠳᠠᠭ᠎ᠠ ᠰᠢᠨ᠎ᠡ ᠪᠠᠶᠢᠭᠤᠯᠤᠭᠰᠠᠨ ᠲᠠᠸᠠᠷ ᠤᠨ ᠣᠷᠣᠨ | ᠰᠠᠭᠤᠴᠠ ᠶᠢ ᠬᠤᠳᠠᠯᠳᠤᠨ ᠠᠪᠤᠪᠠᠯ᠂ ᠭᠡᠷ᠎ᠡ ᠶᠢᠨ ᠭᠠᠶᠢᠯᠢ ᠶᠢᠨ ᠪᠥᠬᠦ ᠲᠣᠭᠠᠨ ᠤ ᠨᠥᠬᠦᠪᠦᠷᠢ ᠶᠢ ᠭᠥᠷᠳᠡᠵᠦ | ᠪᠣᠯᠣᠨ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠵᠢᠭᠡᠯᠡᠵᠦ | ᠪᠣᠯᠬᠤ ᠲᠤᠭ᠎ᠠ ᠶᠢ ᠬᠤᠪᠢ ᠬᠥᠮᠥᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ | ᠦᠯᠡᠳᠡᠪᠦᠷᠢ ᠲᠤᠭ᠎ᠠ ᠶᠢᠨ 20 ᠳᠠᠬᠢᠨ ᠪᠠᠶᠢᠭᠰᠠᠨ ᠢ 25 ᠳᠠᠬᠢᠨ ᠪᠣᠯᠭᠠᠨ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | ︵ᠠᠷᠪᠠ︶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ | ᠬᠤᠳᠠᠯᠳᠤᠨ ᠠᠪᠬᠤ ᠨᠥᠬᠦᠪᠦᠷᠢ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠨᠥᠬᠦᠴᠡᠯ ᠳᠤ ᠨᠡᠶᠢᠴᠡᠬᠦ ᠲᠤᠰᠬᠠᠢ | ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠤᠨ ᠰᠤᠷᠭᠠᠭᠤᠯᠢ ᠲᠡᠭᠦᠰᠦᠭᠰᠡᠳ ᠢ | ᠨᠥᠬᠦᠪᠦᠷᠢ ᠣᠯᠭᠤᠬᠤ ᠡᠲᠡᠭᠡᠳ ᠲᠤ ᠣᠷᠣᠭᠤᠯᠤᠨ᠎ᠠ᠃ ᠭᠡᠷ ᠪᠠᠶᠢᠰᠢᠩ ᠲᠦᠷᠢᠶᠡᠰᠦᠯᠡᠬᠦ ᠳᠤ ᠰᠠᠷ᠎ᠠ ᠪᠦᠷᠢ 300 | ᠲᠥᠭᠦᠷᠢᠭ ᠤᠨ ᠨᠥᠬᠦᠪᠦᠷᠢ ᠣᠯᠭᠤᠵᠤ᠂ ᠬᠠᠮᠤᠭ ᠣᠷᠳᠣ ᠳᠠᠭᠠᠨ 2 ᠵᠢᠯ ᠨᠥᠬᠦᠪᠦᠷᠢ ᠣᠯᠭᠤᠵᠤ᠂ ᠭᠡᠷ ᠪᠠᠶᠢᠰᠢᠩ | ᠬᠤᠳᠠᠯᠳᠤᠨ ᠠᠪᠬᠤ ᠳᠤ ᠨᠢᠭᠡ ᠤᠳᠠᠭ᠎ᠠ ᠶᠢᠨ ᠴᠢᠨᠠᠷᠲᠠᠢ 2 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ︶ | ︵ᠠᠷᠪᠠᠨ ᠨᠢᠭᠡ︶ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ᠂ | ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠵᠤ᠂ | ᠥᠮᠴᠢᠯᠡᠬᠦ ᠡᠷᠬᠡ ᠨᠢ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠬᠠᠷᠢᠶᠠᠯᠠᠭᠳᠠᠬᠤ ᠲᠥᠷᠥᠯ | ᠵᠦᠢᠯ ᠳᠤ ᠪᠡᠯᠡ ᠣᠷᠣᠭᠤᠯᠤᠯᠲᠠ ᠶᠢᠨ ᠲᠣᠭᠠᠨ ᠤ 15% ᠪᠠᠷ ᠨᠥᠬᠦᠪᠦᠷᠢ ᠥᠭᠴᠦ᠂ ᠬᠠᠮᠤᠭ ᠥᠨᠳᠥᠷ ᠲᠡᠭᠡᠨ | 2000 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ︵ᠬᠠᠷᠢᠭᠤᠴᠠᠬᠤ ᠨᠢᠭᠡᠴᠢ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ᠭᠤᠷᠪᠠ᠂ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ | ︵ᠠᠷᠪᠠᠨ ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠨᠥᠬᠦᠴᠡᠯ ᠳᠤᠷᠠᠳᠬᠤ ᠦᠭᠡᠢ︾ | ᠪᠠᠷ ᠰᠤᠷᠤᠭᠴᠢ ᠡᠯᠰᠡᠬᠦ ᠶᠢ ᠬᠡᠷᠡᠭᠵᠢᠭᠦᠯᠵᠦ᠂ ᠭᠤᠷᠪᠠᠨ ᠵᠢᠯ ᠤᠨ ᠳᠣᠲᠣᠷ᠎ᠠ 56 ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ | ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ | 90% ᠬᠦᠷᠭᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠣᠷᠣᠨ ᠲᠤᠭ᠎ᠠ ᠶᠢ 5.3 ᠲᠦᠮᠡ | ᠰᠢᠨ᠎ᠡ ᠪᠠᠷ ᠨᠡᠮᠡᠭᠳᠡᠭᠦᠯᠵᠦ᠂ ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠶᠢᠨ ᠣᠷᠣᠨ ᠲᠤᠭ᠎ᠠ ᠶᠢ 2.88 ᠲᠦᠮᠡ ᠬᠠᠩᠭᠠᠵᠤ᠂ ᠬᠥᠬᠡᠬᠤᠲᠠ ᠳᠤ ᠢᠷᠡᠭᠰᠡᠨ | ᠬᠥᠮᠥᠰ ᠤᠨ ᠦᠷ᠎ᠡ ᠬᠡᠦᠬᠡᠳ ᠤᠨ ︽ᠣᠷᠣᠬᠤ ᠰᠤᠷᠭᠠᠭᠤᠯᠢ ᠲᠠᠢ᠂ ᠰᠠᠶᠢᠨ ᠰᠤᠷᠭᠠᠭᠤᠯᠢ ᠳᠤ ᠣᠷᠣᠬᠤ︾ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ︶ | ︵ᠠᠷᠪᠠᠨ ᠭᠤᠷᠪᠠ︶ ᠪᠦᠯᠦᠭᠯᠡᠯ ᠮᠠᠶ᠋ᠢᠭ ᠤᠨ ᠰᠤᠷᠭᠠᠭᠤᠯᠢ ᠡᠷᠭᠢᠯᠡᠬᠦ ᠶᠢ ᠠᠬᠢᠭᠤᠯᠤᠨ᠂ ᠴᠢᠨᠠᠷ ᠰᠠᠶᠢᠲᠠᠢ | ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠯᠦᠭᠯᠡᠯ ᠮᠠᠶ᠋ᠢᠭ ᠤᠨ ᠰᠤᠷᠭᠠᠭᠤᠯᠢ ᠡᠷᠭᠢᠯᠡᠬᠦ ᠠᠴᠠ ᠠᠰᠢᠭ | ᠬᠦᠷᠲᠡᠬᠦ ᠰᠣᠷᠣᠭᠴᠢ ᠶᠢᠨ ᠲᠤᠭ᠎ᠠ ᠶᠢ 70% ᠬᠦᠷᠭᠡᠨ᠎ᠡ᠃ ᠭᠤᠷᠪᠠᠨ ᠵᠢᠯ ᠤᠨ ᠳᠣᠲᠣᠷ᠎ᠠ ᠪᠠᠭᠰᠢ ᠠᠵᠢᠯᠲᠠᠨ ᠢ | 3000 ᠣᠷᠴᠢᠮ ᠡᠯᠰᠡᠵᠦ᠂ ᠠᠰᠫᠢᠷᠠᠨᠲ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢ 500 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶ | ︵ᠠᠷᠪᠠᠨ ᠳᠥᠷᠪᠡ︶ ᠡᠮᠴᠢᠯᠡᠭᠡᠨ ᠤ ᠡᠬᠢ ᠪᠠᠶᠠᠯᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ | ᠥᠷᠭᠡᠳᠬᠡᠬᠦ ᠶᠢ ᠠᠬᠢᠭᠤᠯᠤᠨ᠎ᠠ᠃ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ᠂ ᠪᠡᠭᠡᠵᠢᠩ | ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ | ᠬᠤᠷᠢᠶ᠎ᠠ ᠶᠢᠨ 2 ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠪᠠ 5 ᠤᠯᠤᠰ ᠤᠨ ᠠᠨᠠᠭᠠᠬᠤ | ᠤᠬᠠᠭᠠᠨ ᠤ ᠬᠤᠪᠢᠶᠠᠷᠢ ᠲᠥᠪ ᠢ ᠪᠠᠶᠢᠭᠤᠯᠵᠤ᠂ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 57 ᠶᠢ | ᠪᠠᠶᠢᠭᠤᠯᠵᠤ᠂ ᠣᠯᠠᠨ ᠲᠦᠮᠡᠨ ᠢ ᠭᠡᠷ ᠤᠨ ᠡᠭᠦᠳᠡᠨ ᠳᠤ ᠪᠠᠨ ᠥᠨᠳᠥᠷ ᠬᠢᠷᠢ ᠲᠦᠪᠰᠢᠨ ᠲᠠᠢ ᠠᠳᠠᠯᠢ ᠶᠠᠰᠤ | ᠴᠢᠨᠠᠷ ᠲᠠᠢ ᠡᠮᠴᠢᠯᠡᠭᠡᠨ ᠤ ᠦᠢᠯᠡᠴᠢᠯᠡᠭᠡ ᠬᠦᠷᠲᠡᠬᠦ ᠪᠣᠯᠭᠠᠨ᠎ᠠ᠃ ᠠᠵᠢᠯᠲᠠᠨ ᠠᠵᠢᠯᠴᠢᠨ ᠤ ᠡᠮᠴᠢᠯᠡᠭᠡᠨ ᠤ | ᠪᠠᠲᠤᠯᠠᠭ᠎ᠠ ᠶᠢᠨ ᠡᠮᠨᠡᠯᠭᠡ ᠳᠤ ᠰᠠᠭᠤᠬᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠲᠠᠩᠰᠠ ᠲᠠᠶᠢᠯᠬᠤ | ᠬᠠᠷᠢᠴᠠᠯ ᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠭᠠᠨ᠎ᠠ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ︶ | ︵ᠠᠷᠪᠠᠨ ᠲᠠᠪᠤ︶ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠬᠥᠬᠡᠬᠤᠲᠠ ᠶᠢᠨ ᠡᠷᠦᠬᠡ ᠠᠮᠠ ᠲᠠᠢ | ᠭᠡᠷ ᠪᠦᠯᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 5000 ᠲᠥᠭᠦᠷᠢᠭ ᠤᠨ ᠬᠡᠦᠬᠡᠳ ᠪᠣᠶᠢᠵᠢᠭᠤᠯᠬᠤ ᠨᠥᠬᠦᠪᠦᠷᠢ | ᠣᠯᠭᠤᠨ᠎ᠠ᠃ ᠬᠡᠦᠬᠡᠳ ᠰᠠᠭᠠᠲᠠᠭᠤᠯᠬᠤ ᠭᠠᠵᠠᠷ ᠣᠷᠣᠭᠰᠠᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ | ᠲᠤᠭ᠎ᠠ ᠪᠠᠷ ᠰᠠᠭᠠᠲᠠᠭᠤᠯᠵᠤ ᠬᠥᠮᠥᠵᠢᠭᠦᠯᠬᠦ ᠪᠠᠶᠢᠭᠤᠯᠤᠮᠵᠢ ᠳᠤ ᠬᠥᠮᠥᠨ ᠪᠦᠷᠢ ᠶᠢᠨ ᠵᠢᠯ ᠳᠤ 600 ᠲᠥᠭᠦᠷᠢᠭ ᠤᠨ | ᠠᠰᠠᠷᠠᠵᠤ ᠬᠠᠷᠠᠭᠠᠯᠵᠠᠬᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | ᠳᠥᠷᠪᠡ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ | ᠭᠠᠷᠭᠠᠨ᠎ᠠ | ︵ᠠᠷᠪᠠᠨ ᠵᠢᠷᠭᠤᠭ᠎ᠠ︶ ᠠᠷᠠᠳ ᠲᠤ ᠲᠥᠬᠦᠮ ᠦᠵᠡᠭᠦᠯᠬᠦ ᠴᠣᠩᠬᠤᠨ ᠤ ᠦᠢᠯᠡᠴᠢᠯᠡᠭᠡ ᠶᠢᠨ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠴᠥᠮ | ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠴᠣᠩᠬᠤ ᠭᠠᠷᠭᠠᠵᠤ᠂ ᠨᠡᠶᠢᠭᠡᠮ ᠤᠨ ᠳᠠᠭᠠᠳᠬᠠᠯ ᠤᠨ | ᠺᠠᠷᠲ ᠭᠤᠶᠤᠴᠢᠯᠠᠨ ᠠᠪᠬᠤ᠂ ᠣᠨᠳᠣᠣ ᠭᠠᠵᠠᠷ ᠲᠤ ᠡᠮᠴᠢᠯᠡᠭᠦᠯᠬᠦ ᠶᠢ ᠪᠦᠷᠢᠳᠬᠡᠨ ᠳᠠᠩᠰᠠᠯᠠᠬᠤ ᠪᠠ ᠳ᠋ᠦᠩᠨᠡᠨ | ᠪᠤᠳᠤᠬᠤ᠂ ᠨᠡᠶᠢᠭᠡᠮ ᠤᠨ ᠳᠠᠭᠠᠳᠬᠠᠯ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠯᠵᠢᠭᠦᠯᠬᠦ | ᠦᠷᠭᠦᠯᠵᠢᠯᠡᠭᠦᠯᠬᠦ᠂ ᠡᠷᠦᠬᠡ ᠠᠮᠠ ᠰᠢᠯᠵᠢᠭᠦᠯᠬᠦ᠂ ᠠᠵᠢᠯ ᠣᠯᠵᠤ ᠦᠢᠯᠡᠰ ᠴᠣᠭᠴᠠᠯᠠᠬᠤ᠂ ᠣᠷᠤᠭ ᠤᠨ | ᠳᠠᠩᠰᠠᠯᠠᠯᠲᠠ᠂ ᠦᠷᠡᠵᠢᠯ ᠤᠨ ᠳᠠᠩᠰᠠᠯᠠᠯᠲᠠ ᠵᠡᠷᠭᠡ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ︶ | ︵ᠠᠷᠪᠠᠨ ᠳᠣᠯᠤᠭ᠎ᠠ︶ ᠣᠯᠠᠨ ᠶᠠᠩᠵᠤ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠨᠡᠶᠢᠭᠡᠮ | ᠲᠣᠭᠤᠷᠢᠭ ᠨᠢᠭᠡᠪᠦᠷᠢ ᠳᠤ ᠨᠡᠭᠦᠳᠡᠯ ᠬᠥᠮᠥᠨ ᠠᠮᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠤᠨ᠂ ︽ᠤᠯᠠᠭᠠᠨ | ᠠᠨᠠᠷ ᠥᠷᠲᠡᠭᠡ︾ ᠶᠢ ᠡᠭᠦᠳᠴᠦ᠂ ᠭᠠᠳᠠᠨ᠎ᠠ ᠠᠴᠠ ᠢᠷᠡᠭᠰᠡᠨ ᠨᠡᠭᠦᠳᠡᠯ ᠬᠥᠮᠥᠨ ᠠᠮᠠ ᠳᠤ ᠭᠡᠷ ᠪᠠᠶᠢᠰᠢᠩ | ᠲᠦᠷᠢᠶᠡᠰᠦᠯᠡᠬᠦ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠠᠵᠢᠯ ᠣᠯᠵᠤ ᠦᠢᠯᠡᠰ ᠴᠣᠭᠴᠠᠯᠠᠬᠤ᠂ | ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠤᠲᠠ ᠳᠤ ᠠᠭᠤᠰᠤᠯᠴᠠᠬᠤ ᠵᠡᠷᠭᠡ ᠦᠢᠯᠡᠴᠢᠯᠡᠭᠡ ᠬᠠᠩᠭᠠᠨ᠎ᠠ᠃ | ᠬᠤᠰᠢᠭᠤ ᠰᠢᠶᠠᠨ ᠲᠣᠭᠤᠷᠢᠭ ᠲᠤ ︽ᠰᠤᠯᠠ ᠠᠵᠢᠯ ᠤᠨ ᠵᠠᠬ᠎ᠠ ᠳᠡᠯᠭᠡᠭᠦᠷ︾ ᠢ ᠨᠡᠶᠢᠳᠡᠮ ᠪᠦᠷᠬᠦᠭᠦᠯᠦᠨ ᠪᠦᠲᠦᠭᠡᠨ | ᠪᠠᠶᠢᠭᠤᠯᠵᠤ᠂ ᠰᠢᠶᠠᠩ ᠪᠠᠯᠭᠠᠰᠤ ᠵᠡᠭᠡᠯᠢ ᠭᠤᠳᠤᠮᠵᠢ ᠳᠤ ︽ᠵᠠᠯᠠᠭᠤᠴᠤᠳ ᠤᠨ ᠭᠡᠷ ᠪᠦᠯᠢ︾ ᠶᠢ ᠨᠡᠶᠢᠳᠡᠮ | ᠪᠦᠷᠬᠦᠭᠦᠯᠦᠨ ᠪᠦᠲᠦᠭᠡᠨ ᠪᠠᠶᠢᠭᠤᠯᠵᠤ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠪᠠ | ᠵᠠᠯᠠᠭᠤ ᠣᠶᠤᠲᠠᠳ ᠤᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ | ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶ | ︵ᠠᠷᠪᠠᠨ ᠨᠠᠢᠮᠠ︶ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠪᠥᠬᠦ ᠲᠠᠯ᠎ᠠ ᠪᠠᠷ ᠴᠢᠯᠦᠭᠡᠲᠡᠢ | ᠪᠣᠯᠭᠠᠵᠤ᠂ ᠡᠷᠦᠬᠡ ᠠᠮᠠ ᠣᠷᠣᠭᠤᠯᠬᠤ ᠬᠥᠮᠥᠨ ᠤ ᠬᠦᠰᠡᠯ ᠰᠠᠨᠠᠭ᠎ᠠ ᠶᠢ ᠦᠨᠳᠦᠰᠦᠯᠡᠨ ᠣᠷᠣᠭᠤᠯᠵᠤ ᠪᠣᠯᠬᠤ ᠶᠢ | ᠪᠦᠬᠦᠨ ᠢ ᠣᠷᠣᠭᠤᠯᠵᠤ ᠥᠭᠭᠦᠨ᠎ᠡ᠃ ᠣᠷᠣᠰᠢᠨ ᠰᠠᠭᠤᠬᠤ ᠦᠨᠡᠮᠯᠡᠯ ᠢ ᠭᠦᠢᠴᠡᠳᠬᠡᠬᠦ ᠲᠠᠰ ᠳᠠᠷᠠᠭᠠᠯᠠᠯ ᠢ | ᠳᠥᠭᠦᠮᠴᠢᠯᠡᠵᠦ᠂ ᠨᠢᠭᠡ ᠬᠤᠲᠠ ᠶᠢᠨ ᠦᠢᠯᠡᠴᠢᠯᠡᠭᠡᠨ ᠤ ᠵᠦᠢᠯᠡᠰ ᠤᠨ ᠭᠦᠢᠴᠡᠳᠬᠡᠪᠡᠰᠦ ᠵᠣᠬᠢᠬᠤ ᠶᠢ ᠨᠢ ᠪᠦᠬᠦᠨ ᠢ | ᠭᠦᠢᠴᠡᠳᠬᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ︶ | | | |