ᠮᠠᠨ ᠤ ᠬᠤᠲᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠡᠭᠡᠵᠢᠩ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠬᠠᠮᠲᠤᠷᠠᠯᠴᠠᠭᠠᠨ ᠤ ᠲᠠᠨᠢᠯᠴᠠᠭᠤᠯᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/10/13
     ︵ᠰᠤᠷᠪᠤᠯᠵᠢᠯᠠᠭᠴᠢ ᠶᠦᠨ ᠶᠠᠨ ᠹᠠᠩ︶ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠲᠡᠬᠦ ᠶᠢ ᠥᠷᠭᠡᠳᠬᠡᠬᠦ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠪᠡᠭᠡᠵᠢᠩ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠡᠭᠡᠵᠢᠩ ᠬᠤᠲᠠ ᠶᠢᠨ ᠥᠪᠥᠷ ᠮᠣᠩᠭᠤᠯ ᠲᠣᠮᠣ ᠠᠰᠠᠷ ᠲᠤ ᠪᠡᠭᠡᠵᠢᠩ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠬᠠᠮᠲᠤᠷᠠᠨ ᠡᠷᠭᠢᠯᠡᠪᠡ᠂ ᠬᠤᠷᠠᠯ ᠨᠢ ︽ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠦᠨᠦᠷ ᠠᠮᠲᠠ︾ ᠪᠠᠷ ᠭᠤᠣᠯ ᠰᠡᠳᠦᠪ ᠪᠣᠯᠭᠠᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠵᠤᠷᠭᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ᠂ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠵᠡᠷᠭᠡ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ 150 ᠰᠢᠬᠠᠮ ᠲᠥᠯᠥᠭᠡᠯᠡᠭᠴᠢ ᠶᠢ ᠤᠷᠢᠵᠤ ᠬᠤᠷᠠᠯ ᠳᠤ ᠣᠷᠣᠯᠴᠠᠭᠤᠯᠵᠠᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠠ ᠬᠡᠰᠡᠭ ᠠᠶᠢᠮᠠᠭ ᠬᠤᠲᠠ ᠶᠢᠨ ᠬᠢᠨ ᠲᠣᠰ ᠲᠣᠰ ᠠᠬᠤᠢ ᠲᠠᠯᠠᠪᠠᠢ ᠳᠤ ᠲᠠᠨᠢᠯᠴᠠᠭᠤᠯᠭ᠎ᠠ ᠬᠢᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠬᠥᠬᠡᠬᠤᠲᠠ ᠶᠢᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠤᠣᠯᠳᠠᠯᠭ᠎ᠠ ᠲᠠᠢ ᠲᠠᠨᠢᠯᠴᠠᠭᠤᠯᠵᠠᠢ᠃ ᠥᠪᠥᠷ ᠮᠣᠩᠭᠤᠯ ᠤᠨ ᠱᠢ ᠴᠢᠦᠸᠠᠨ ᠱᠢ ᠮᠧᠢ ᠪᠦᠯᠦᠭᠯᠡᠯ ᠬᠢᠭᠡᠳ ᠪᠡᠭᠡᠵᠢᠩ ᠤᠨ ᠰᠢᠨ ᠹᠠ ᠳ᠋ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ᠤᠨ ᠪᠦᠯᠦᠭᠯᠡᠯ ᠬᠢᠭᠡᠳ ᠵᠥᠩ ᡁᠢ ᠶᠦᠨ ᠵᠢᠢ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠭᠡᠷ᠎ᠡ ᠲᠣᠭᠲᠠᠪᠠ᠃ ᠪᠠᠰᠠ ᠵᠧᠩ ᠳ᠋ᠡ ᠬᠤᠩ ᠶᠧ᠂ ᠰᠢ ᠪᠧᠢ ᠢᠳᠡᠭᠡᠨ ᠤᠮᠳᠠᠭᠠᠨ᠂ ᠡᠷᠳᠡᠨᠢ ᠵᠡᠷᠭᠡ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠤᠷᠠᠯ ᠳᠤ ᠣᠷᠣᠯᠴᠠᠭᠤᠯᠪᠠ᠃      ᠲᠣᠰ ᠤᠳᠠᠭᠠᠨ ᠤ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠨᠢ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠠᠵᠤ ᠠᠬᠤᠶᠢᠯᠠᠯ ᠳᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠪᠠᠶᠢᠭᠤᠯᠤᠨ ᠥᠭᠴᠦ᠂ ᠭᠡᠷ᠎ᠡ ᠲᠣᠭᠲᠠᠨ ᠬᠠᠮᠲᠤᠷᠠᠯᠴᠠᠬᠤ ᠶᠢ ᠠᠬᠢᠭᠤᠯᠵᠤ᠂ ᠪᠣᠷᠤᠯᠠᠭᠤᠯᠭ᠎ᠠ ᠶᠢᠨ ᠠᠷᠭ᠎ᠠ ᠵᠠᠮ ᠢ ᠨᠡᠭᠡᠭᠡᠭᠰᠡᠨ ᠢᠶᠠᠷ ᠪᠠᠷᠠᠬᠤ ᠦᠭᠡᠢ ᠪᠠᠰᠠ ᠮᠠᠨ ᠤ ᠬᠤᠲᠠ ᠶᠢᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠭᠠᠳᠠᠭᠰᠢ ᠭᠠᠷᠬᠤ︾᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠢ ᠳᠡᠭᠡᠭᠰᠢᠯᠡᠭᠦᠯᠬᠦ ᠳᠤ ᠲᠤᠶᠢᠯ ᠤᠨ ᠶᠡᠭᠡ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号