ᠬᠤᠲᠤᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/16
      10 ᠳ᠋ᠤᠭᠠᠷ ᠰᠠᠷ᠎ᠠ ᠶᠢᠨ 10 ᠤ ᠡᠳᠦᠷ᠂ ᠬᠤᠲᠤᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾  ᠠᠵᠢᠯ ᠢ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠲᠡᠷᠡ ᠳᠠᠷᠤᠢ ᠳᠤᠨᠢ ᠪᠦᠬᠦ ᠬᠤᠳᠠ ᠶᠢᠨ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠪᠣᠯᠪᠠᠰᠤᠷᠠᠭᠤᠯᠤᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠴᠢᠶᠣᠤ ᠸᠥ᠋ᠨ ᠵᠢᠶᠸ ᠬᠤᠷᠠᠯ ᠢ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢ ᠷᠦᠢ ᠾᠧᠩ᠂ ᠡᠯ᠎ᠡ ᠪᠠᠯᠭᠠᠰᠤᠨ ᠤ ᠠᠯᠪᠠᠨ ᠭᠡᠷ ᠤᠨ ᠲᠥᠪ᠂ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ᠂ ᠪᠦᠬᠦ ᠣᠷᠣᠨ ᠢᠶᠠᠷ ᠢᠶᠠᠨ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠯᠢᠶᠡᠬᠦ ᠳᠤ ᠲᠦᠰᠢᠭᠯᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠰᠠᠭᠤᠷᠢ ᠲᠤᠭ᠎ᠠ ᠨᠢ ᠲᠣᠳᠣᠷᠬᠠᠢ ᠦᠭᠡᠢ᠂ ᠲᠤᠭ᠎ᠠ ᠪᠠᠷᠢᠮᠲᠠ ᠨᠢ ᠣᠨᠣᠪᠴᠢ ᠦᠭᠡᠢ᠂ ᠠᠯᠳᠠᠭ᠎ᠠ ᠶᠢᠨ ᠨᠤᠷᠮ᠎ᠠ ᠥᠨᠳᠥᠷ ᠵᠡᠷᠭᠡ ᠠᠰᠠᠭᠤᠳᠠᠯ ᠲᠠᠬᠢᠨ ᠭᠠᠷᠬᠤ ᠠᠴᠠ ᠡᠷᠡᠰ ᠵᠠᠶᠢᠯᠠᠰᠬᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠣᠷᠣᠨ ᠤ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ︽ᠰᠠᠭᠤᠷᠢ ᠲᠤᠭ᠎ᠠ ᠶᠢᠨ ᠰᠠᠭᠤᠷᠢ ᠲᠤᠭ᠎ᠠ ᠶᠢ ᠰᠠᠶᠢᠲᠤᠷ ᠠᠩᠬᠠᠷᠴᠤ᠂ ᠦᠨᠡᠮᠯᠡᠯ ᠠᠪᠤᠭᠰᠠᠨ ᠦᠷ᠎ᠡ ᠪᠦᠲᠦᠮᠵᠢ ᠶᠢ ᠰᠠᠶᠢᠲᠤᠷ ᠠᠩᠬᠠᠷᠴᠤ᠂ ᠡᠵᠡᠩᠨᠡᠯᠲᠡ ᠬᠡᠪ ᠤᠨ ᠪᠤᠰᠤ ᠨᠢᠭᠡᠴᠡ ᠶᠢ ᠰᠠᠶᠢᠲᠤᠷ ᠠᠩᠬᠠᠷᠴᠤ᠂ ᠬᠠᠷᠢᠭᠤᠴᠠᠯᠭ᠎ᠠ ᠶᠢ ᠰᠠᠶᠢᠲᠤᠷ ᠠᠩᠬᠠᠷᠴᠤ᠂ ᠲᠣᠬᠢᠷᠠᠭᠤᠯᠭ᠎ᠠ ᠵᠠᠷᠯᠠᠯ ᠢ ᠰᠠᠶᠢᠲᠤᠷ ᠠᠩᠬᠠᠷᠴᠤ᠂ ᠤᠬᠠᠭᠤᠯᠤᠨ ᠳᠠᠶᠢᠴᠢᠯᠠᠬᠤ︾ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠥᠬᠦ ᠣᠷᠣᠨ ᠤ ᠬᠡᠪᠴᠢᠶᠡᠨ ᠳᠤ ︽ᠬᠡᠪᠢᠰ ᠮᠠᠶ᠋ᠢᠭ︾ ᠤᠨ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠳᠠᠯᠳᠠ ᠬᠦᠴᠦᠨ ᠢ ᠭᠦᠨᠵᠡᠭᠡᠢ ᠠᠭᠤᠳᠠᠯᠤᠨ᠂ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠣᠷᠣᠨ ᠤ ᠱᠠᠲᠤᠨ ᠤ ᠤᠳᠤᠷᠢᠳᠤᠯᠭ᠎ᠠ ᠲᠠᠰᠢᠷᠠᠮ ᠳᠠᠭᠠᠤ ᠰᠤᠭᠤᠴᠢᠨ ᠪᠠᠶᠢᠴᠠᠭᠠᠵᠤ᠂ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠵᠤ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号