ᠬᠤᠲᠣᠩ ᠠᠷᠠᠳ ᠤᠨ ᠲᠣᠭᠤᠷᠢᠭ ᠤᠨ ᠭᠠᠵᠠᠷ ᠤᠨ ᠳᠡᠰ ᠤᠨ ᠤᠳᠤᠷᠢᠳᠤᠯᠭ᠎ᠠ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/16
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠪᠦᠬᠦ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠬᠥᠭᠵᠢᠭᠡᠬᠦ ᠬᠡᠷᠡᠭᠲᠡᠢ᠃ 10 ᠳ᠋ᠤᠭᠠᠷ ᠰᠠᠷ᠎ᠠ ᠶᠢᠨ 11  ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠭᠠᠵᠠᠷ ᠤᠨ ᠲᠡᠰ ᠤᠨ ᠤᠳᠤᠷᠢᠳᠤᠯᠭ᠎ᠠ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ︽ᠠᠭᠤᠤ ᠶᠡᠭᠡ ᠵᠣᠷᠢᠭ ᠰᠠᠨᠠᠭ᠎ᠠ ᠪᠠᠷ ᠠᠭᠤᠤ ᠶᠡᠭᠡ ᠦᠢᠯᠡᠰ ᠢ ᠬᠥᠲᠥᠯᠥᠨ ᠳᠠᠭᠠᠭᠤᠯᠤᠶ᠎ᠠ︾︱ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠤᠨ ᠭᠤᠣᠯ ᠰᠡᠳᠦᠪᠲᠦ ᠦᠵᠡᠭᠦᠯᠦᠯᠭᠡ ᠶᠢ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨᠲᠠ ᠡᠷᠭᠢᠴᠡᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠤᠤ ᠶᠠᠨ ᠷᠦ᠋ ᠣᠷᠣᠯᠴᠠᠪᠠ᠃
     ᠲᠠᠶᠢᠯᠪᠤᠷᠢᠯᠠᠭᠴᠢ ᠶᠢᠨ ᠵᠢᠯᠣᠭᠤᠳᠤᠯᠭ᠎ᠠ ᠳᠣᠣᠷ᠎ᠠ᠂ ᠦᠵᠡᠭᠦᠯᠦᠯᠭᠡ ᠶᠢᠨ ᠵᠠᠮ ᠢᠶᠠᠷ ᠲᠠᠪᠤᠨ ᠶᠡᠭᠡ ᠦᠵᠡᠭᠦᠯᠦᠯᠭᠡ ᠶᠢᠨ ᠲᠣᠭᠤᠷᠢᠭ ᠲᠤ ᠨᠢᠭᠡᠳ ᠨᠢᠭᠡ ᠪᠠᠷ ᠠᠯᠬᠤᠨ ᠣᠷᠣᠵᠤ᠂ ᠦᠵᠡᠭᠦᠯᠦᠯᠭᠡ ᠶᠢᠨ ᠲᠢᠩᠬᠢᠮ ᠳᠠᠬᠢ ᠪᠡᠯᠭᠡ ᠲᠡᠮᠳᠡᠭ ᠤᠨ ᠴᠢᠨᠠᠷᠲᠠᠢ ᠲᠡᠦᠬᠡᠨ ᠬᠡᠷᠡᠭ ᠶᠠᠪᠤᠳᠠᠯ ᠤᠳ ᠨᠢ ᠳᠤᠮᠳᠠᠳᠤ ᠤᠯᠤᠰ ᠤᠨ ᠡᠪ ᠬᠠᠮᠲᠤ ᠨᠠᠮ ᠵᠢᠶᠠᠰᠢᠩ ᠤᠨ ᠨᠠᠨ ᠬᠧ ᠨᠠᠭᠤᠷ ᠤᠨ ᠵᠢᠵᠢᠭᠬᠡᠨ ᠤᠯᠠᠭᠠᠨ ᠣᠩᠭᠤᠴᠠ ᠠᠴᠠ ᠳᠤᠮᠳᠠᠳᠤ ᠤᠯᠤᠰ ᠢ ᠳᠠᠭᠠᠭᠤᠯᠤᠨ ᠯᠠᠪᠳᠠᠭᠤᠨ ᠢᠶᠠᠷ ᠬᠤᠯᠠ ᠠᠶᠠᠯᠠᠭᠰᠠᠨ ᠠᠪᠤᠷᠭᠤ ᠬᠥᠯᠭᠡ ᠣᠩᠭᠤᠴᠠ ᠪᠣᠯᠣᠨ ᠪᠣᠶᠢᠵᠢᠵᠤ᠂ ᠬᠤᠪᠢᠰᠬᠠᠯ ᠤᠨ ᠭᠦ᠋ᠨ ᠤ ᠦᠶ᠎ᠡ ᠦᠶ᠎ᠡ ᠶᠢᠨ ᠡᠪ ᠬᠠᠮᠲᠤᠴᠤᠳ ᠤᠨ ᠰᠢᠷᠭᠠᠭᠤ ᠲᠡᠮᠡᠴᠡᠯ᠂ ᠡᠷᠡᠮᠡᠬᠡᠶᠢᠯᠡᠨ ᠲᠠᠪᠰᠢᠬᠤ ᠶᠠᠪᠤᠴᠠ ᠳᠤ ᠦᠶ᠎ᠡ ᠶᠢᠨ ᠦᠶ᠎ᠡ ᠳᠤ ᠤᠯᠠᠮᠵᠢᠯᠠᠭᠳᠠᠭᠰᠠᠨ ᠢ ᠬᠦᠦᠷᠨᠢᠵᠦ ᠪᠠᠶᠢᠯ᠎ᠠ᠃ ᠲᠣᠭᠤᠷᠢᠨ ᠦᠵᠡᠬᠦ ᠶᠠᠪᠤᠴᠠ ᠳᠤ ᠣᠯᠠᠨ ᠢᠶᠠᠷ ᠢᠶᠠᠨ ᠨᠠᠷᠢᠨ ᠬᠢᠨᠠᠮᠠᠭᠠᠢ ᠲᠠᠶᠢᠯᠪᠤᠷᠢᠯᠠᠯᠲᠠ ᠶᠢ ᠰᠣᠨᠣᠰᠴᠤ᠂ ᠳᠡᠯᠭᠡᠨ ᠦᠵᠡᠭᠦᠯᠦᠭᠰᠡᠨ ᠡᠯ᠎ᠡ ᠵᠦᠢᠯ ᠤᠨ ᠲᠡᠦᠬᠡ ᠶᠢᠨ ᠭᠡᠷᠡᠯ ᠵᠢᠷᠤᠭ ᠪᠣᠯᠣᠨ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠨᠠᠷᠢᠨ ᠠᠵᠢᠭᠯᠠᠵᠤ᠂ ᠠᠩᠬᠠᠨ ᠤ ᠪᠦᠯᠦᠭ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠳᠤ ᠣᠷᠣᠭᠤᠯᠤᠭᠰᠠᠨ ︽ᠶᠠᠨ ᠠᠨ ᠤ ᠵᠣᠷᠢᠭ ᠰᠠᠨᠠᠭ᠎ᠠ︾ ᠪᠣᠯᠣᠨ ︽ᠤᠷᠲᠤ ᠵᠠᠮ ᠤᠨ ᠠᠶᠠᠨ ᠳᠠᠶᠢᠨ ᠤ ᠵᠣᠷᠢᠭ ᠰᠠᠨᠠᠭ᠎ᠠ︾ ᠵᠡᠷᠭᠡ 46 ᠵᠦᠢᠯ ᠤᠨ ᠵᠣᠷᠢᠭ ᠰᠠᠨᠠᠭᠠᠨ ᠤ ᠪᠤᠶ ᠪᠣᠯᠤᠭᠰᠠᠨ ᠲᠡᠦᠬᠡᠨ ᠠᠬᠤᠢ ᠪᠠᠶᠢᠳᠠᠯ᠂ ᠪᠦᠷᠢᠯᠳᠦᠭᠰᠡᠨ ᠶᠠᠪᠤᠴᠠ ᠶᠢ ᠨᠠᠷᠢᠨ ᠣᠶᠢᠯᠠᠭᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢᠨ ᠥᠪᠡᠷᠮᠢᠴᠡ ᠦᠨ᠎ᠡ ᠥᠷᠲᠡᠭ ᠪᠣᠯᠣᠨ ᠴᠠᠭ ᠦᠶ᠎ᠡ ᠶᠢᠨ ᠠᠭᠤᠯᠬᠤᠨ ᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠳᠠᠯᠢ ᠪᠤᠰᠤ ᠲᠡᠦᠬᠡᠨ ᠴᠠᠭ ᠦᠶ᠎ᠡ ᠳᠤ ᠡᠭᠦᠳᠦᠭᠰᠡᠨ ᠠᠯᠢ ᠤᠯᠠᠨ ᠠᠭᠤᠤ ᠶᠡᠭᠡ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠵᠤ᠂ ᠵᠠᠭᠤᠨ ᠵᠢᠯ ᠤᠨ ᠲᠡᠮᠡᠴᠡᠯ ᠤᠨ ᠠᠶᠠᠨ ᠵᠠᠮ ᠳᠠᠬᠢ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠴᠥᠬᠦᠷᠡᠰᠢ ᠦᠭᠡᠢ ᠲᠡᠮᠡᠴᠡᠵᠦ᠂ ᠬᠠᠷᠠᠮ ᠦᠭᠡᠢ ᠵᠢᠳᠬᠦᠭᠰᠡᠨ ᠭᠡᠷᠡᠯ ᠰᠠᠴᠤᠷᠠᠩᠭᠤᠢ ᠥᠩᠭᠡᠷᠡᠯᠲᠡ ᠶᠢ ᠣᠶᠢᠯᠠᠭᠠᠵᠤ᠂ ᠨᠢᠭᠡ ᠤᠳᠠᠭ᠎ᠠ ᠶᠢᠨ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠠ ᠦᠵᠡᠯ ᠰᠠᠨᠠᠭᠠᠨ ᠤ ᠳᠠᠪᠲᠠᠯᠲᠠ ᠶᠢ ᠭᠥᠷᠳᠡᠭᠰᠡᠨ ᠪᠠᠶᠢᠨ᠎ᠠ᠃      ᠲᠣᠭᠤᠷᠢᠨ ᠦᠵᠡᠵᠦ ᠪᠠᠷᠠᠭᠰᠠᠨ ᠤ ᠲᠠᠷᠠᠭ᠎ᠠ᠂ ᠵᠤᠤ ᠶᠠᠨ ᠷᠦ᠋ ᠭᠠᠵᠠᠷ ᠤᠨ ᠲᠡᠰ ᠤᠨ ᠤᠳᠤᠷᠢᠳᠬᠤ ᠨᠥᠬᠦᠳ ᠢᠶᠠᠨ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠲᠠᠬᠢᠨ ᠡᠷᠭᠢᠴᠡᠭᠦᠯᠪᠡ᠃ ᠣᠯᠠᠨ ᠢᠶᠠᠷ ᠢᠶᠠᠨ ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ︽ᠦᠵᠡᠯ ᠰᠠᠨᠠᠭ᠎ᠠ  ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠲᠡᠮᠡᠴᠡᠯ ᠤᠨ ᠲᠡᠦᠬᠡᠨ ᠶᠠᠪᠤᠴᠠ ᠠᠴᠠ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠤᠶᠤᠨ ᠰᠠᠨᠠᠭᠠᠨ ᠤ ᠬᠦᠴᠦᠨ ᠢ ᠣᠯᠵᠤ᠂ ᠢᠷᠠᠭᠤ ᠠᠯᠳᠠᠷᠲᠤ ᠬᠤᠪᠢᠰᠬᠠᠯᠲᠤ ᠤᠯᠠᠮᠵᠢᠯᠠᠯ ᠢ ᠵᠠᠯᠭᠠᠮᠵᠢᠯᠠᠵᠤ᠂ ᠬᠤᠲᠣᠩ ᠠᠷᠠᠳ ᠤᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号