︽ᠵᠢᠩ ᠯᠠᠩ ᠳᠤᠲᠠᠭᠳᠠᠬᠤ︾ ᠳᠤ ᠴᠢᠩᠭ᠎ᠠ ᠴᠣᠬᠢᠯᠲᠠ ᠥᠭᠴᠦ ᠬᠡᠮᠵᠢᠯᠲᠡ ᠶᠢᠨ ᠡᠷᠬᠡ ᠲᠡᠭᠰᠢ ᠶᠢ ᠬᠠᠮᠠᠭᠠᠯᠠᠨ᠎ᠠ ︱ ᠭᠤᠣᠯ ᠲᠣᠭᠤᠷᠢᠭᠰᠠᠨ ᠵᠡᠭᠡᠯᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/10/16
      ᠵᠠᠬ᠎ᠠ ᠳᠡᠯᠭᠡᠭᠦᠷ ᠤᠨ ᠡᠷᠬᠡ ᠲᠡᠭᠰᠢ ᠪᠠᠷ ᠠᠷᠠᠯᠵᠢᠶᠠᠯᠠᠬᠤ ᠡᠮᠬᠢ ᠳᠢᠭᠯᠢᠮ ᠢ ᠤᠯᠠᠮ ᠨᠢᠭᠡ ᠠᠯᠬᠤᠮ ᠬᠠᠮᠠᠭᠠᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠬᠤᠸᠠᠨ ᠾᠧ ᠵᠡᠭᠡᠯᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠶ᠎ᠠ ᠣᠷᠣᠨ ᠳᠤ ︽ᠵᠢᠩ ᠯᠠᠩ ᠳᠤᠲᠠᠭᠳᠠᠬᠤ ᠳᠤ ᠴᠢᠩᠭ᠎ᠠ ᠴᠣᠬᠢᠯᠲᠠ ᠥᠭᠬᠦ︾ ᠡᠯᠧᠺᠲᠷᠣᠨ ᠵᠢᠩᠯᠡᠭᠦᠷ ᠤᠨ ᠬᠡᠮᠵᠢᠯᠲᠡ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠬᠡᠮᠵᠢᠯᠲᠡ ᠶᠢᠨ ᠬᠡᠮ ᠦᠢᠯᠡᠳᠬᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃
     ᠲᠤᠰ ᠤᠳᠠᠭᠠᠨ ᠤ ᠲᠤᠰᠬᠠᠢ ᠠᠵᠢᠯᠯᠠᠭ᠎ᠠ᠂ ᠭᠤᠣᠯᠳᠠᠭᠤ ᠸᠠᠨ ᠾᠦᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠴᠢᠭᠯᠡᠭᠦᠯᠦᠨ ᠬᠡᠮᠵᠢᠯᠲᠡ ᠶᠢᠨ ᠬᠢᠨᠠᠯᠲᠠ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯᠲᠠᠳ ᠤᠰᠤᠨ ᠭᠠᠷᠤᠯᠲᠠ᠂ ᠪᠤᠯᠭᠤᠭᠰᠠᠨ ᠢᠳᠡᠭᠡᠨ᠂ ᠵᠢᠮᠢᠰ ᠵᠡᠷᠭᠡ ᠶᠢᠨ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠡᠯᠧᠺᠲᠷᠣᠨ ᠦᠨ᠎ᠡ ᠪᠤᠳᠤᠬᠤ ᠵᠢᠩᠯᠡᠭᠦᠷ ᠵᠡᠷᠭᠡ ᠠᠷᠠᠯᠵᠢᠶᠠᠨ ᠤ ᠳ᠋ᠦᠩᠨᠡᠨ ᠪᠤᠳᠤᠬᠤ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠭᠰᠠᠨ ᠪᠠᠶᠢᠳᠠᠯ ᠳᠤ ᠴᠢᠭᠯᠡᠭᠦᠯᠦᠨ᠂ ᠡᠵᠡᠩᠨᠡᠭᠴᠢ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ ᠬᠡᠮᠵᠢᠶ᠎ᠡ ᠶᠢ ᠵᠣᠷᠢᠭᠤᠳᠠ ᠡᠪᠳᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ᠂ ᠬᠡᠮᠵᠢᠯᠲᠡ ᠶᠢᠨ ᠮᠡᠬᠡᠯᠡᠯ ᠣᠷᠣᠰᠢᠵᠤ ᠪᠠᠶᠢᠬᠤ ᠡᠰᠡᠬᠦ᠂ ᠵᠢᠩ ᠯᠠᠩ ᠳᠤᠲᠠᠭᠤ ᠪᠠᠶᠢᠬᠤ᠂ ᠰᠢᠯᠭᠠᠨ ᠲᠣᠭᠲᠠᠭᠠᠬᠤ ᠦᠶᠡᠯᠡᠯ ᠤᠨ ᠬᠤᠭᠤᠴᠠᠭ᠎ᠠ ᠠᠴᠠ ᠬᠡᠲᠦᠷᠡᠭᠦᠯᠦᠨ ᠬᠡᠷᠡᠭᠯᠡᠭᠰᠡᠨ ᠵᠡᠷᠭᠡ ᠠᠰᠠᠭᠤᠳᠠᠯ ᠳᠤ ᠬᠡᠮᠵᠢᠯᠲᠡ ᠶᠢᠨ ᠬᠢᠨᠠᠯᠲᠠ ᠪᠠᠶᠢᠴᠠᠭᠠᠯᠲᠠ ᠥᠷᠨᠢᠭᠦᠯᠬᠦ ᠶᠢᠨ ᠬᠠᠮᠲᠤ᠂ ᠵᠠᠬ᠎ᠠ ᠳᠡᠯᠭᠡᠭᠦᠷ ᠤᠨ ᠭᠤᠥᠯᠴᠢ ᠵᠢᠩᠯᠡᠭᠦᠷ ᠤᠨ ᠬᠡᠷᠡᠭᠯᠡᠯᠲᠡ ᠶᠢ ᠵᠢᠷᠤᠮᠵᠢᠭᠤᠯᠤᠨ ᠵᠢᠯᠣᠭᠤᠳᠤᠨ᠎ᠠ᠃      ᠣᠲᠣ ᠪᠣᠯᠲᠠᠯ᠎ᠠ ᠡᠵᠡᠩᠨᠡᠯᠲᠡ ᠶᠢᠨ ᠪᠡᠶᠡᠴᠢ ᠴᠣᠭᠴᠠ ᠶᠢ ᠨᠡᠶᠢᠲᠡ 330 ᠡᠷᠦᠬᠡ ᠪᠠᠶᠢᠴᠠᠭᠠᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ 650 ᠰᠠᠤᠷᠢ ᠴᠢᠩᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 40 ᠭᠠᠷᠤᠢ ᠤᠳᠠᠭ᠎ᠠ ᠬᠥᠳᠡᠯᠭᠡᠵᠦ᠂ ᠲᠠᠷᠠᠭᠠᠴᠢ ᠶᠢᠨ ᠠᠯᠬᠤᠮ ᠳᠤ᠂ ᠭᠤᠣᠯ ᠵᠡᠭᠡᠯᠢ ᠲᠣᠭᠤᠷᠢᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠮᠵᠢᠯᠲᠡ ᠶᠢᠨ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ᠂ ᠬᠡᠪᠰᠢᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号