ᠬᠠᠯᠠᠮᠵᠢᠯᠠᠨ ᠬᠠᠶᠢᠷᠠᠯᠠᠵᠤ ᠰᠣᠨᠣᠰᠬᠤ ᠴᠢᠳᠠᠪᠤᠷᠢ ᠡᠷᠡᠭᠦᠯ ᠴᠢᠭᠢᠷᠠᠭ ᠪᠠᠶᠢᠵᠤ ᠭᠤᠶᠢᠳᠠ ᠰᠠᠶᠢᠬᠠᠨ ᠢᠷᠡᠭᠡᠳᠦᠢ ᠶᠢ ᠰᠣᠨᠣᠰᠤᠨ᠎ᠠ
ᠨᠡᠶᠢᠲᠡᠯᠡᠭᠰᠡᠨ ᠴᠠᠭ᠄
2023/10/18
      ᠴᠡᠷᠢᠭ ᠠᠴᠠ ᠬᠠᠯᠠᠭᠳᠠᠭᠰᠠᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠶᠢᠨ ᠲᠥᠯᠥᠭᠡ᠂ ᠬᠦᠨᠳᠦᠳᠬᠡᠬᠦ ᠰᠡᠳᠬᠢᠯᠭᠡ ᠶᠢ ᠢᠯᠡᠷᠡᠭᠦᠯᠦᠨ᠎ᠡ᠃ 10 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠲᠦᠩ ᠳ᠋ᠣᠣ ᠵᠡᠭᠡᠯᠢ ᠭᠤᠳᠤᠮᠵᠢ ᠶᠢᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠪᠠᠢ ᠱᠧᠩ ᠰᠣᠨᠣᠷ ᠤᠨ ᠴᠢᠳᠠᠪᠤᠷᠢ ᠲᠠᠢ ᠬᠠᠮᠲᠤᠷᠠᠨ ᠤᠰᠤᠨ ᠵᠦᠢ ᠶᠢᠨ ᠠᠩᠭᠢ ᠶᠢᠨ ᠵᠢᠵᠢᠭ ᠲᠣᠭᠤᠷᠢᠭ ᠲᠤ ᠰᠣᠨᠣᠰᠬᠤ ᠴᠢᠳᠠᠪᠤᠷᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠰᠦᠢᠳᠬᠡᠯ ᠬᠤᠷᠢᠶᠠᠬᠤ ᠦᠭᠡᠢ ᠪᠠᠷ ᠰᠣᠨᠣᠰᠬᠤ ᠴᠢᠳᠠᠪᠤᠷᠢ ᠶᠢᠨ ᠰᠢᠯᠭᠠᠨ ᠪᠠᠶᠢᠴᠠᠭᠠᠯᠲᠠ᠂ ᠰᠣᠨᠣᠰᠬᠤ ᠴᠢᠳᠠᠪᠤᠷᠢ ᠶᠢᠨ ᠦᠨᠡᠯᠡᠯᠲᠡ ᠬᠢᠵᠦ᠂ ᠴᠡᠷᠢᠭ ᠠᠴᠠ ᠬᠠᠯᠠᠭᠳᠠᠭᠰᠠᠳ ᠲᠤ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠠᠨᠠᠭᠠᠬᠤ ᠤᠬᠠᠭᠠᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ
     ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠬᠤ ᠪᠠᠷ ᠢᠷᠡᠭᠰᠡᠨ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠰᠠᠭᠤᠭᠠᠯᠢ ᠠᠷᠠᠳ ᠲᠠᠰᠤᠷᠠᠯᠲᠠ ᠦᠭᠡᠢ ᠣᠯᠠᠰᠢᠷᠠᠵᠤ᠂ ᠠᠵᠢᠯᠲᠠᠳ ᠣᠯᠠᠨ ᠢ ᠵᠢᠯᠣᠭᠤᠳᠤᠨ ᠡᠮᠬᠢ ᠵᠢᠷᠤᠮ ᠲᠠᠢ ᠪᠠᠷ ᠮᠥᠷᠯᠡᠨ ᠪᠠᠶᠢᠴᠠᠭᠠᠵᠤ᠂ ᠡᠯ᠎ᠡ ᠵᠦᠢᠯ ᠤᠨ ᠪᠠᠶᠢᠴᠠᠭᠠᠯᠲᠠ ᠳᠤ ᠠᠩᠬᠠᠷᠬᠤ ᠵᠦᠢᠯᠡᠰ ᠢ ᠣᠯᠠᠨ ᠳᠤ ᠰᠠᠨᠠᠭᠤᠯᠵᠤ ᠪᠠᠶᠢᠨ᠎ᠠ᠃ ᠠᠵᠢᠯᠲᠠᠳ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠰᠠᠭᠤᠭᠠᠯᠢ ᠠᠷᠠᠳ ᠤᠨ ᠴᠢᠬᠢ ᠶᠢ ᠨᠠᠷᠢᠨ ᠬᠢᠨᠠᠮᠠᠭᠠᠢ ᠪᠠᠶᠢᠴᠠᠭᠠᠵᠤ᠂ ᠡᠭᠦᠨ ᠤ ᠬᠠᠮᠲᠤ ᠲᠤᠰᠬᠠᠢ ᠮᠡᠷᠭᠡᠵᠢᠯ ᠢᠶᠠᠷ ᠲᠡᠳᠡᠨ ᠤ ᠳᠤᠷᠠᠳᠤᠭᠰᠠᠨ ᠡᠯ᠎ᠡ ᠵᠦᠢᠯ ᠤᠨ ᠰᠡᠵᠢᠭ ᠲᠤ ᠬᠠᠷᠢᠭᠤᠯᠲᠠ ᠥᠭᠭᠦᠨ᠎ᠡ᠃ ᠡᠭᠦᠨ ᠤ ᠬᠠᠮᠲᠤ ᠡᠨᠡ ᠲᠣᠬᠢᠶᠠᠯ ᠢᠶᠠᠷ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠬᠤ ᠪᠠᠷ ᠢᠷᠡᠭᠰᠡᠨ ᠴᠡᠷᠢᠭ ᠠᠴᠠ ᠬᠠᠯᠠᠭᠳᠠᠭᠰᠠᠳ ᠵᠢᠴᠢ ᠰᠠᠭᠤᠭᠠᠯᠢ ᠠᠷᠠᠳ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠪᠠᠭ᠎ᠠ ᠮᠡᠳᠡᠯᠭᠡ ᠶᠢ ᠤᠬᠠᠭᠤᠯᠵᠤ᠂ ᠴᠡᠷᠢᠭ ᠠᠴᠠ ᠬᠠᠯᠠᠭᠳᠠᠭᠰᠠᠳ ᠵᠢᠴᠢ ᠰᠠᠭᠤᠭᠠᠯᠢ ᠠᠷᠠᠳ ᠤᠨ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠲᠠᠨᠢᠯᠲᠠ ᠶᠢᠨ ᠴᠢᠬᠤᠯᠠ ᠴᠢᠨᠠᠷ ᠢ ᠰᠠᠨᠠᠭᠤᠯᠵᠤ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠲᠠᠢ ᠪᠠᠷ ᠴᠢᠬᠢ ᠪᠠᠨ ᠬᠡᠷᠡᠭᠯᠡᠬᠦ ᠡᠷᠡᠭᠦᠯ ᠳᠠᠳᠬᠠᠯ ᠲᠠᠢ ᠪᠣᠯᠭᠠᠵᠤ᠂ ᠰᠣᠨᠣᠷ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠬᠠᠮᠲᠤ ᠴᠡᠷᠢᠭ ᠠᠴᠠ ᠬᠠᠯᠠᠭᠳᠠᠭᠰᠠᠳ ᠵᠢᠴᠢ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠳᠤᠮᠳᠠ ᠴᠢᠬᠢ ᠪᠠᠨ ᠬᠠᠮᠠᠭᠠᠯᠠᠬᠤ ᠳᠤ ᠠᠩᠬᠠᠷᠬᠤ ᠵᠦᠢᠯᠡᠰ ᠢ ᠲᠤᠬᠠᠢ ᠶᠢᠨ ᠲᠠᠯᠠᠪᠤᠷ ᠲᠤᠨᠢ ᠰᠤᠷᠤᠯᠴᠠᠭᠤᠯᠵᠤ᠂ ᠰᠠᠨᠠᠭᠠᠨ ᠳᠤ ᠦᠭᠡᠢ ᠰᠢᠷᠬᠠᠲᠤᠯ ᠠᠴᠠ ᠵᠠᠶᠢᠯᠠᠭᠤᠯᠤᠨ᠎ᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠴᠡᠷᠢᠭ ᠤᠨ ᠠᠯᠪᠠᠨ ᠠᠴᠠ ᠪᠠᠭᠤᠭᠰᠠᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠤᠨ ᠢᠷᠠᠭᠤ ᠠᠯᠳᠠᠷ ᠤᠨ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠡᠯᠪᠡᠭ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠵᠢᠴᠢ ᠠᠰᠠᠷᠠᠨ ᠬᠠᠷᠠᠭᠠᠯᠵᠠᠬᠤ ᠡᠲᠡᠭᠡᠳ ᠲᠤ ᠨᠠᠩ ᠳᠣᠲᠣᠨᠣ ᠦᠢᠯᠡᠴᠢᠯᠡᠭᠡ ᠬᠠᠩᠭᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号