ᠤᠯᠠᠮᠵᠢᠯᠠᠯᠲᠤ ᠰᠣᠶᠣᠯ ᠢ ᠪᠠᠳᠠᠷᠠᠭᠤᠯᠵᠤ ᠤᠯᠠᠮᠵᠢᠯᠠᠯᠲᠤ ᠷᠢᠳᠢ ᠰᠢᠳᠢ ᠶᠢ ᠢᠯᠡᠷᠡᠭᠦᠯᠦᠨ᠎ᠡ ︱ ᠬᠤᠲᠣᠩ ᠠᠷᠠᠳ ᠤᠨ ᠲᠣᠭᠤᠷᠢᠭ ᠤᠨ ᠰᠣᠶᠣᠯ ᠤᠨ ᠣᠷᠳᠣᠨ ᠳᠤ ᠡᠷᠲᠡᠨ ᠤ ᠰᠣᠩᠭᠤᠳᠠᠭ ᠪᠥᠵᠢᠭ ᠤᠨ ᠨᠡᠶᠢᠲᠡ ᠶᠢᠨ ᠠᠰᠠᠷᠠᠮᠵᠢ ᠶᠢᠨ ᠤᠷᠠᠯᠢᠭ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/10/18
      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠥᠷᠭᠡᠨ ᠤᠯᠠᠨ ᠲᠦᠮᠡᠨ ᠤ ᠦᠨᠳᠦᠰᠦᠲᠡᠨ ᠤ ᠰᠣᠶᠣᠯ ᠤᠨ ᠢᠲᠡᠭᠡᠯ ᠢ ᠳᠡᠭᠡᠭᠰᠢᠯᠡᠭᠦᠯᠬᠦ ᠶᠢᠨ ᠲᠥᠯᠥᠭᠡ᠂ 10 ᠳ᠋ᠤᠭᠠᠷ ᠰᠠᠷ᠎ᠠ ᠶᠢᠨ 13 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠰᠣᠶᠣᠯ ᠤᠨ ᠣᠷᠳᠣᠨ ︽ᠤᠯᠠᠮᠵᠢᠯᠠᠯᠲᠤ ᠰᠣᠶᠣᠯ ᠢ ᠪᠠᠳᠠᠷᠠᠭᠤᠯᠵᠤ ᠤᠯᠠᠮᠵᠢᠯᠠᠯᠲᠤ ᠷᠢᠳᠢ ᠰᠢᠳᠢ ᠶᠢ ᠢᠯᠡᠷᠡᠭᠦᠯᠬᠦ︾ ᠰᠣᠩᠭᠤᠳᠠᠭ ᠪᠥᠵᠢᠭ ᠤᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠡᠭᠦᠨ ᠤ ᠵᠣᠷᠢᠯᠭ᠎ᠠ ᠨᠢ ᠬᠤᠲᠠ ᠶᠢᠨ ᠠᠷᠠᠳ ᠨᠠᠶᠢᠵᠠ ᠨᠠᠷ ᠤᠨ ᠰᠤᠷᠤᠯᠴᠠᠬᠤ ᠤᠷᠮ᠎ᠠ ᠪᠠᠬ᠎ᠠ ᠶᠢ ᠬᠥᠮᠥᠵᠢᠭᠦᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠬᠥᠭᠵᠢᠭᠡᠨ᠂ ᠡᠯᠪᠡᠭ ᠪᠠᠶᠠᠯᠢᠭ ᠣᠶᠤᠨ ᠰᠠᠨᠠᠭᠠᠨ ᠤ ᠲᠡᠵᠢᠭᠡᠯ ᠢ ᠣᠯᠠᠨ ᠲᠦᠮᠡᠨ ᠤ ᠳᠡᠷᠭᠡᠳᠡ ᠬᠦᠷᠭᠡᠬᠦ ᠶᠢᠨ ᠲᠥᠯᠥᠭᠡ ᠶᠤᠮ᠃      ᠳᠤᠮᠳᠠᠳᠤ ᠤᠯᠤᠰ ᠤᠨ ᠰᠣᠩᠭᠤᠳᠠᠭ ᠪᠥᠵᠢᠭ ᠥᠨᠢ ᠤᠳᠠᠭᠠᠨ ᠲᠡᠦᠬᠡ ᠲᠠᠢ᠂ ᠥᠷᠭᠡᠨ ᠳᠡᠯᠭᠡᠷ ᠭᠦᠨ ᠭᠦᠨᠵᠡᠭᠡᠢ᠂ ᠠᠶᠢᠵᠠᠮ ᠴᠣᠬᠢᠯᠭ᠎ᠠ ᠶᠢᠨ ᠮᠡᠳᠡᠷᠡᠮᠵᠢ ᠲᠠᠢ᠂ ᠳᠦᠷᠰᠦ ᠪᠦᠲᠦᠭᠡᠯᠲᠡ ᠶᠢᠨ ᠮᠡᠳᠡᠷᠡᠮᠵᠢ ᠲᠠᠢ ᠪᠥᠭᠡᠳ ᠥᠪᠡᠷᠮᠢᠴᠡ ᠳᠣᠷᠣᠨᠠᠳᠠᠬᠢᠨ ᠤ ᠬᠡᠯᠪᠡᠷᠢ ᠶᠢᠨ ᠤᠶᠠᠨ ᠬᠠᠳᠠᠨ ᠪᠥᠭᠡᠳ ᠬᠠᠪᠰᠤᠷᠭᠠᠭᠰᠠᠨ ᠭᠤᠸ᠎ᠠ ᠰᠠᠶᠢᠬᠠᠨ ᠤ ᠮᠡᠳᠡᠷᠡᠮᠵᠢ ᠲᠠᠢ ᠪᠠᠶᠢᠵᠤ᠂ ᠥᠷᠭᠡᠨ ᠣᠯᠠᠨ ᠲᠦᠮᠡᠨ ᠤ ᠲᠠᠭᠠᠰᠢᠶᠠᠯ ᠢ ᠶᠡᠬᠡᠳᠡ ᠣᠯᠣᠭᠰᠠᠨ ᠶᠤᠮ᠃ ᠲᠤᠰ ᠤᠳᠠᠭᠠᠨ ᠤ ᠪᠣᠯᠪᠠᠰᠤᠷᠠᠯ ᠳᠤᠮᠳᠠ ᠰᠣᠶᠣᠯ ᠤᠨ ᠣᠷᠳᠣᠨ ᠤ ᠯᠢᠦ ᠪᠠᠭᠰᠢ ᠤᠯᠠᠭᠠᠨ ᠳᠡᠪᠢᠭᠦᠷᠯᠢᠭ ᠪᠠᠭᠠᠵᠢ ᠬᠡᠷᠡᠭᠰᠡᠯ  ᠢ ᠠᠰᠢᠭᠯᠠᠨ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠭᠠᠷ ᠤᠨ ᠪᠠᠶᠢᠷᠢ᠂ ᠪᠡᠶ᠎ᠡ ᠪᠠᠶᠢᠳᠠᠯ ᠪᠠ ᠪᠥᠵᠢᠭ ᠤᠨ ᠳᠦᠷᠢ ᠶᠢᠨ ᠶᠡᠷᠦᠩᠬᠡᠶᠢᠯᠡᠭᠰᠡᠨ ᠪᠣᠯᠪᠠᠰᠤᠷᠠᠯ ᠠᠴᠠ ᠠᠯᠬᠤᠮ ᠠᠯᠬᠤᠮ ᠢᠶᠠᠷ ᠪᠦᠷᠢᠨ ᠲᠡᠭᠦᠯᠳᠡᠷ ᠬᠥᠳᠡᠯᠭᠡᠭᠡᠨ ᠤ ᠦᠯᠢᠭᠡᠷ ᠳᠠᠭᠤᠷᠢᠶᠠᠯ ᠪᠠ ᠬᠥᠩᠭᠡᠨ ᠱᠠᠯᠠᠮᠠᠭᠠᠢ ᠳᠠᠭᠤᠤ ᠬᠥᠭᠵᠢᠮ ᠤᠨ ᠪᠣᠯᠪᠠᠰᠤᠷᠠᠯ ᠪᠣᠯᠭᠠᠨ᠂ ᠳᠤᠮᠳᠠᠳᠤ ᠤᠯᠤᠰ ᠤᠨ ᠰᠣᠩᠭᠤᠳᠠᠭ ᠪᠥᠵᠢᠭ ᠤᠨ ᠥᠪᠡᠷᠮᠢᠴᠡ ᠷᠢᠳᠢ ᠰᠢᠳᠢ ᠶᠢ ᠣᠯᠠᠨ ᠳᠤ ᠭᠦᠨᠵᠡᠭᠡᠢ ᠮᠡᠳᠡᠷᠡᠭᠦᠯᠵᠡᠢ᠃      ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠪᠰᠤᠷᠤᠨ ᠵᠢᠯᠤᠭᠤᠳᠬᠤ ᠪᠣᠯᠪᠠᠰᠤᠷᠠᠭᠤᠯᠤᠯ ᠢ ᠥᠷᠨᠢᠭᠦᠯᠬᠦ ᠪᠣᠯ ᠴᠠᠭ ᠦᠶ᠎ᠡ ᠶᠢᠨ ᠬᠥᠭᠵᠢᠯᠲᠡ ᠵᠢᠴᠢ ᠣᠯᠠᠨ ᠲᠦᠮᠡᠨ ᠤ ᠤᠷᠠᠯᠢᠭ ᠤᠨ ᠬᠦᠷᠲᠡᠭᠡᠯ ᠢ ᠬᠥᠭᠡᠭᠡᠴᠡᠯᠳᠦᠬᠦ ᠬᠡᠷᠡᠭᠴᠡᠭᠡ ᠱᠠᠭᠠᠷᠳᠠᠯᠭ᠎ᠠ ᠮᠥᠨ᠂ ᠬᠤᠲᠣᠩ ᠠᠷᠠᠳ ᠤᠨ ᠲᠣᠭᠤᠷᠢᠭ ᠤᠨ ᠰᠣᠶᠣᠯ ᠤᠨ ᠣᠷᠳᠣᠨ ᠰᠣᠶᠣᠯ ᠤᠨ ᠦᠢᠯᠡᠴᠢᠯᠡᠭᠡᠨ ᠤ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠯᠠᠨ ᠲᠦᠮᠡᠨ ᠤ ᠤᠷᠠᠯᠢᠭ ᠤᠨ ᠪᠣᠯᠪᠠᠰᠤᠷᠠᠭᠤᠯᠤᠯ ᠢ ᠡᠷᠭᠢᠯᠡᠬᠦ ᠪᠠᠷ ᠳᠠᠮᠵᠢᠭᠤᠯᠤᠨ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠳᠡᠯᠭᠡᠷᠡᠭᠦᠯᠦᠭᠰᠡᠨ ᠢᠶᠠᠷ ᠥᠷᠭᠡᠨ ᠣᠯᠠᠨ ᠲᠦᠮᠡᠨ ᠤ ᠤᠷᠠᠯᠢᠭ ᠤᠨ ᠰᠣᠨᠢᠷᠬᠠᠯ ᠤᠨ ᠬᠢᠷᠢ ᠲᠦᠪᠰᠢᠨ ᠳᠡᠭᠡᠭᠰᠢᠯᠡᠵᠦ᠂ ᠣᠶᠤᠨ ᠤ ᠰᠣᠶᠣᠯ ᠤᠨ ᠠᠮᠢᠳᠤᠷᠠᠯ ᠴᠤ ᠨᠠᠩ ᠭᠤᠶᠢᠳᠠ ᠰᠠᠶᠢᠬᠠᠨ ᠪᠣᠯᠤᠭᠰᠠᠨ ᠪᠠᠶᠢᠨ᠎ᠠ᠃ ︵ᠴᠢᠮᠡᠭᠡᠯᠡᠭᠴᠢ᠄ ᠯᠢᠦ ᠴᠠᠩ︶
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号