ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 81 ᠳ᠋ᠦ᠋ᠭᠡᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/23
      10 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 81 ᠳ᠋ᠦ᠋ᠭᠡᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠣᠶᠢᠷ᠎ᠠ ᠶᠢᠨ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠮᠡᠳᠡᠭᠳᠡᠯ ᠤᠨ ᠵᠣᠷᠢᠭ ᠰᠠᠨᠠᠭ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠤᠤ ᠶᠠᠨ ᠷᠦ᠋ ᠡᠷᠬᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠪᠦᠰᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠪᠠᠳᠠᠷᠠᠭᠤᠯᠤᠨ᠂ ᠭᠠᠳᠠᠭᠠᠳᠤ ᠠᠷᠠᠯᠵᠢᠶ᠎ᠠ ᠶᠢᠨ ᠬᠠᠷᠠᠭ᠎ᠠ ᠶᠢ ᠥᠷᠭᠡᠳᠬᠡᠵᠦ᠂ ᠴᠤᠭᠯᠠᠷᠠᠯ ᠤᠨ ᠦᠢᠯᠡᠳᠦᠯ ᠢ ᠪᠣᠶ ᠪᠣᠯᠭᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠳᠤ ᠬᠦᠴᠦᠨ ᠴᠢᠳᠠᠯ ᠢᠶᠠᠨ ᠡᠷᠭᠦᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ ᠵᠧᠵᠢᠶᠠᠩ ᠪᠣᠯᠣᠨ ᠱᠠᠨᠳᠦ᠋ᠩ ᠤᠨ ᠽᠤᠤᠵᠤᠸᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠰ ᠢ ᠶᠡᠭᠡ ᠪᠠᠷ ᠠᠳᠬᠤᠬᠤ᠂ ᠪᠣᠳᠠᠲᠤ ᠴᠣᠭᠴᠠ ᠶᠢᠨ ᠠᠵᠤ ᠠᠬᠤᠢ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠦᠷᠭᠦᠯᠵᠢᠯᠡᠨ ᠪᠠᠷᠢᠮᠲᠠᠯᠠᠵᠤ ︽ᠲᠦᠷᠪᠡᠨ ᠶᠡᠭᠡ ᠠᠵᠤ ᠦᠢᠯᠡᠰ︾ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠰᠣᠶᠣᠯ ᠵᠤᠭᠠᠴᠠᠯ ᠤᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠶᠣᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠪᠣᠯᠣᠨ ᠡᠯ᠎ᠡ ᠪᠦᠷᠢᠯᠳᠦᠭᠦᠨ ᠨᠢᠭᠡᠴᠢ ᠶᠢᠨ ᠬᠢᠨ ᠡᠮᠡᠭᠲᠡᠶᠢᠴᠦᠳ ᠤᠨ ᠠᠵᠢᠯ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠢ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠬᠤ ᠬᠡᠷᠡᠭᠲᠡᠢ᠃      ᠬᠤᠷᠠᠯ ᠠᠴᠠ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠬᠠᠮᠤᠭ ᠤᠨ ᠰᠢᠨ᠎ᠡ ᠴᠢᠬᠤᠯᠠ ᠶᠠᠷᠢᠶ᠎ᠠ ᠶᠢ ᠰᠤᠷᠤᠯᠴᠠᠨ ᠲᠤᠤᠱᠯᠠᠭᠤᠯᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠤᠶᠠᠯᠳᠤᠭᠤᠯᠵᠤ᠂ ᠠᠳᠠᠯᠢ ᠪᠤᠰᠤ ᠲᠡᠰ ᠳᠠᠪᠬᠤᠷᠭ᠎ᠠ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠡᠲᠡᠭᠡᠳ ᠲᠤ ᠴᠢᠭᠯᠡᠭᠦᠯᠦᠨ ᠵᠣᠬᠢᠰᠲᠠᠢ ᠲᠣᠬᠢᠷᠠᠭᠤᠯᠤᠯᠲᠠ ᠬᠢᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠭᠦᠷᠭᠡ ᠱᠠᠭᠠᠷᠳᠠᠯᠭ᠎ᠠ ᠶᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠳᠤ ᠲᠤᠤᠱᠯᠠᠭᠤᠯᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠵᠥᠷᠢᠴᠡᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠦᠨᠡᠨᠬᠦ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠵᠥᠪ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠥᠪᠡᠷ ᠤᠨ ᠪᠡᠶ᠎ᠡ ᠪᠠᠨ ᠣᠷᠣᠭᠤᠯᠵᠤ᠂ ᠤᠴᠢᠷ ᠶᠠᠪᠤᠳᠠᠯ ᠢ ᠣᠷᠣᠭᠤᠯᠵᠤ᠂ ᠠᠰᠠᠭᠤᠳᠠᠯ ᠢ ᠣᠷᠣᠭᠤᠯᠵᠤ᠂ ᠭᠦᠨᠵᠡᠭᠡᠢ ᠪᠠᠶᠢᠴᠠᠭᠠᠨ ᠦᠵᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠡᠮ ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠵᠡᠷᠭᠡ ᠭᠤᠣᠯᠳᠠᠯᠭ᠎ᠠ ᠲᠠᠢ ᠠᠰᠠᠭᠤᠳᠠᠯ ᠢᠶᠠᠷ ᠭᠤᠣᠯᠳᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠲᠡᠦᠬᠡ ᠳᠤ ᠬᠠᠷᠢᠭᠤᠴᠠᠬᠤ ᠪᠠ ᠠᠷᠠᠳ ᠲᠦᠮᠡᠨ ᠳᠤ ᠬᠠᠷᠢᠭᠤᠴᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠬᠠᠷᠢᠶ᠎ᠠ ᠣᠷᠣᠨ ᠤ ᠳᠠᠪᠠᠭᠤᠯᠢᠭ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠡᠯ᠎ᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ ᠨᠥᠬᠦᠳ ︽ᠨᠢᠭᠡᠳᠦᠭᠡᠷ ᠬᠠᠷᠢᠭᠤᠴᠠᠯᠭᠠᠲᠠᠨ︾ ᠪᠣᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠪᠦᠬᠦ ᠣᠷᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠦᠭᠰᠡᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠬᠥᠬᠡᠬᠤᠲᠠ ᠳᠤ ᠬᠠᠷᠢᠭᠤ ᠲᠤᠰᠬᠠᠭᠰᠠᠨ ᠰᠠᠨᠠᠯ ᠤᠨ ᠲᠤᠬᠠᠢ ᠬᠤᠲᠣᠩ ᠠᠷᠠᠳ ᠤᠨ ᠲᠣᠭᠤᠷᠢᠭ ᠤᠨ ᠪᠠᠷᠢᠮᠵᠢᠶ᠎ᠠ ᠳᠤ ᠵᠣᠬᠢᠴᠠᠭᠤᠯᠤᠨ ᠴᠡᠭᠴᠡᠯᠡᠨ ᠰᠠᠶᠢᠵᠢᠷᠠᠭᠤᠯᠬᠤ ᠲᠥᠰᠥᠯ︾ ︽ᠬᠤᠲᠣᠩ ᠠᠷᠠᠳ ᠤᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠥᠬᠡᠬᠤᠲᠠ ᠶᠢᠨ ᠬᠠᠷᠢᠭᠤ ᠲᠤᠰᠬᠠᠭᠰᠠᠨ ᠰᠠᠨᠠᠯ ᠤᠨ ᠲᠤᠬᠠᠢ ᠪᠠᠷᠢᠮᠵᠢᠶ᠎ᠠ ᠳᠤ ᠵᠣᠬᠢᠴᠠᠭᠤᠯᠤᠨ ᠴᠡᠭᠴᠡᠯᠡᠨ ᠰᠠᠶᠢᠵᠢᠷᠠᠭᠤᠯᠬᠤ ᠲᠥᠰᠥᠯ︾ ︽ᠬᠤᠲᠣᠩ ᠠᠷᠠᠳ ᠤᠨ ᠲᠣᠭᠤᠷᠢᠭ ᠤᠨ 2023 ᠣᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠤᠨ ᠲᠥᠰᠥᠯ︾ ᠳᠤ ᠲᠣᠬᠢᠷᠠᠭᠤᠯᠤᠯᠲᠠ ᠬᠢᠬᠦ ᠤᠴᠢᠷ ᠶᠠᠪᠤᠳᠠᠯ ᠢ ᠰᠤᠳᠤᠯᠤᠨ ᠵᠥᠪᠯᠡᠪᠡ᠂ ︽ᠬᠤᠲᠣᠩ ᠠᠷᠠᠳ ᠤᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠢᠯᠭᠠᠨ ᠬᠢᠨᠠᠵᠤ ᠬᠤᠪᠢ ᠲᠣᠭᠲᠠᠭᠠᠬᠤ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾᠃ ︽ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵2023 ︱ 2027 ᠣᠨ︶ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵2022 ︱ 2026 ᠣᠨ︶︾ ᠶᠢ ᠤᠯᠠᠮᠵᠢᠯᠠᠬᠤ ᠶᠢᠨ ᠬᠠᠮᠲᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号