ᠮᠢᠩᠭᠠᠨ ᠭᠠᠵᠠᠷ ᠠᠯᠤᠰᠯᠠᠵᠤ ᠦᠨᠡᠨ ᠰᠡᠳᠬᠢᠯᠭᠡ ᠪᠠᠨ ᠬᠠᠮᠠᠭᠠᠯᠠᠨ ᠬᠦᠷᠭᠡᠵᠦ ᠠᠪᠤᠷᠠᠨ ᠲᠤᠰᠠᠯᠠᠯᠲᠠ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/10/23
      2023 ᠣᠨ ᠤ 10 ᠳ᠋ᠤᠭᠠᠷ ᠰᠠᠷ᠎ᠠ ᠶᠢᠨ 13  ᠤ ᠦᠳᠡ ᠶᠢᠨ ᠬᠤᠶᠢᠨ᠎ᠠ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠶᠢᠦ ᠶᠢᠤ ᠪᠠᠨ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠤᠨ ᠤᠲᠠᠰᠤ ᠶᠢ ᠲᠣᠰᠴᠤ᠂ ᠨᠢᠭᠡᠨ ᠹᠠᠩ ᠼᠦᠨ ᠲᠣᠰᠬᠤᠨ ᠳᠤ ᠨᠢᠭᠡ ᠠᠲᠠᠷᠰᠢᠭᠤᠯᠤᠭᠰᠠᠨ ᠨᠠᠰᠤᠲᠠᠨ ᠬᠤᠶᠠᠷ ᠡᠳᠦᠷ ᠬᠡᠪᠲᠡᠭᠰᠡᠨ ᠪᠥᠭᠡᠳ ᠪᠠᠶᠢᠳᠠᠯ ᠨᠢ ᠪᠠᠴᠢᠮ ᠲᠦᠭᠰᠢᠭᠦᠷᠢᠲᠡᠢ ᠪᠠᠶᠢᠨ᠎ᠠ ᠭᠡᠪᠡ᠃
     ᠤᠲᠠᠰᠤ ᠳᠤᠰᠤᠭᠰᠠᠨ ᠤ ᠳᠠᠷᠠᠭ᠎ᠠ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯᠲᠠᠨ ᠳᠠᠷᠤᠢ ᠲᠦᠷᠭᠡᠨ ᠲᠤᠬᠠᠢ ᠶᠢᠨ ᠲᠠᠯᠠᠪᠠᠶ ᠳᠤ ᠬᠦᠷᠴᠦ᠂ ᠲᠤᠬᠠᠢ ᠶᠢᠨ ᠲᠠᠯᠠᠪᠠᠶ ᠶᠢᠨ ᠪᠠᠶᠢᠳᠠᠯ ᠢ ᠣᠶᠢᠯᠠᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨᠠᠨ ᠬᠠᠷᠭᠤᠭᠤᠯᠤᠭᠰᠠᠨ ᠢᠶᠠᠷ᠂ ᠲᠤᠰ ᠨᠠᠰᠤᠲᠠᠨ ᠪᠣᠯ ᠱᠠᠨᠰᠢ ᠮᠤᠵᠢ ᠶᠢᠨ ᠸᠧᠢᠢᠨᠠᠨ ᠬᠤᠲᠠ ᠶᠢᠨ ᠬᠥᠮᠥᠨ᠂ ᠶᠠᠨ ᠣᠪᠣᠭᠲᠤ ᠪᠣᠯᠣᠨ᠎ᠠ᠂ ᠣᠶᠢᠷ᠎ᠠ  ᠶᠢᠨ ᠬᠡᠳᠦᠨ ᠵᠢᠯ ᠳᠤ ᠬᠥᠬᠡᠬᠤᠲᠠ ᠳᠤ ᠠᠲᠠᠷ ᠬᠠᠭᠠᠯᠪᠤᠷᠢᠯᠠᠨ ᠠᠮᠢᠳᠤᠷᠠᠵᠤ᠂ ᠠᠷᠢᠬᠢᠨ ᠳᠤ ᠰᠢᠨᠤᠵᠤ᠂ ᠣᠶᠢᠷ᠎ᠠ  ᠶᠢᠨ ᠬᠤᠭᠤᠴᠠᠭᠠᠨ ᠳᠤ ᠰᠫᠢᠷᠲ ᠲᠤ ᠬᠦᠨᠳᠦ ᠨᠣᠴᠢᠲᠠᠢ ᠬᠤᠣᠷᠳᠠᠭᠳᠠᠵᠤ᠂ ᠪᠡᠶ᠎ᠡ ᠨᠢ ᠲᠠᠮᠢᠷ ᠦᠭᠡᠢ ᠪᠣᠯᠵᠤ᠂ ᠨᠢᠭᠡ ᠡᠳᠦᠷ ᠠᠷᠢᠬᠢ ᠤᠤᠭᠤᠬᠤ ᠳᠠᠭᠠᠨ ᠮᠡᠳᠡᠭᠡ ᠠᠯᠳᠠᠵᠤ᠂ ᠳᠡᠷᠭᠡᠳᠡ ᠨᠢ ᠶᠠᠮᠠᠷ ᠴᠤ ᠲᠥᠷᠥᠯ ᠰᠠᠳᠤᠨ ᠦᠭᠡᠢ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠪᠣᠯᠣᠨ᠎ᠠ᠃ ᠲᠡᠳᠡᠨ ᠤ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯᠲᠠᠳ ᠶᠠᠨ ᠣᠪᠣᠭᠲᠤ ᠲᠠᠢ ᠬᠦᠯᠢᠴᠡᠩᠭᠦᠢ ᠪᠠᠷ ᠰᠠᠨᠠᠯ ᠢᠶᠠᠨ ᠰᠣᠯᠢᠯᠴᠠᠬᠤ ᠶᠢᠨ ᠬᠠᠮᠲᠤ ᠱᠠᠨᠰᠢ ᠮᠤᠵᠢ ᠶᠢᠨ ᠸᠧᠢᠢᠨᠠᠨ ᠬᠤᠳᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠬᠠᠷᠢᠯᠴᠠᠵᠤ᠂ ᠵᠥᠪᠳᠡᠯᠴᠡᠬᠦ ᠪᠠᠷ ᠲᠠᠮᠵᠢᠨ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯᠲᠠᠳ ᠶᠧᠦ ᠶᠢᠤ ᠪᠠᠨ ᠪᠠᠯᠭᠠᠰᠤᠨ ᠤ ᠠᠵᠢᠯᠲᠠᠨ ᠲᠠᠢ ᠬᠠᠮᠲᠤᠷᠠᠨ ᠨᠤᠲᠤᠭ ᠲᠤᠨᠢ ᠬᠦᠷᠭᠡᠵᠡᠢ᠃ 10 ᠳ᠋ᠤᠭᠠᠷ ᠰᠠᠷ᠎ᠠ ᠶᠢᠨ 14 ᠤ ᠡᠳᠦᠷ ᠤᠨ ᠣᠷᠣᠢ ᠶᠠᠨ ᠣᠪᠣᠭᠲᠤ ᠶᠢ ᠱᠠᠨᠰᠢ ᠮᠤᠵᠢ ᠶᠢᠨ ᠸᠧᠢᠢᠨᠠᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡᠨ ᠳᠤ ᠠᠮᠤᠷ ᠲᠦᠪᠰᠢᠨ ᠢᠶᠠᠷ ᠬᠠᠮᠠᠭᠠᠯᠠᠨ ᠬᠦᠷᠭᠡᠵᠦ ᠠᠪᠤᠷᠠᠨ ᠲᠤᠰᠠᠯᠠᠵᠠᠢ᠃      ᠤᠳᠠᠭ᠎ᠠ ᠪᠦᠷᠢ ᠶᠢᠨ ᠠᠪᠤᠷᠠᠨ ᠲᠤᠰᠠᠯᠠᠯᠲᠠ ᠨᠤᠲᠤᠭ ᠲᠤᠨᠢ ᠬᠠᠮᠠᠭᠠᠯᠠᠨ ᠬᠦᠷᠭᠡᠬᠦ ᠪᠣᠯᠭᠠᠨ ᠴᠥᠮ ᠨᠢᠭᠡᠨ ᠤᠳᠠᠭᠠᠨ ᠤ ᠠᠷᠠᠳ ᠲᠦᠮᠡᠨ ᠳᠤ ᠦᠢᠯᠡᠴᠢᠯᠡᠬᠦ ᠠᠮᠢᠳᠤᠯᠢᠭ ᠦᠢᠯᠡᠳᠦᠯᠭᠡ ᠮᠥᠨ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ︽ᠠᠷᠠᠳ ᠤᠨ ᠲᠥᠯᠥᠭᠡ ᠠᠷᠠᠳ ᠤᠨ ᠶᠠᠪᠤᠳᠠᠯ ᠬᠢᠵᠦ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠵᠣᠷᠢᠯᠲᠠ ᠶᠢ ᠪᠠᠷᠢᠮᠲᠠᠯᠠᠨ᠂ ᠲᠡᠨᠦᠭᠦᠴᠢᠯᠡᠨ ᠭᠤᠶᠢᠷᠠᠨᠴᠢᠯᠠᠭᠴᠢᠳ ᠢ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠲᠡᠨᠦᠭᠦᠴᠢᠯᠡᠨ ᠭᠤᠶᠢᠷᠠᠨᠴᠢᠯᠠᠭᠴᠢᠳ ᠢ ᠪᠦᠬᠦ ᠬᠦᠴᠦ ᠪᠠᠷ ᠢᠶᠠᠨ ᠬᠠᠪᠰᠤᠷᠤᠨ ᠬᠡᠪ ᠤᠨ ᠠᠮᠢᠳᠤᠷᠠᠯ ᠳᠤᠨᠢ ᠪᠤᠴᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠ ᠵᠠᠰᠠᠭ ᠤᠨ ᠣᠷᠳᠣᠨ ᠠᠴᠠ ᠪᠠᠭᠤᠷᠠᠶᠢᠴᠤᠳ ᠢ ᠬᠠᠯᠠᠮᠵᠢᠯᠠᠨ ᠬᠠᠶᠢᠷᠠᠯᠠᠵᠤ ᠪᠠᠶᠢᠬᠤ  ᠶᠢ ᠬᠠᠷᠠᠭᠤᠯᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号