︽ᠰᠢᠨᠬᠤᠸᠠ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ︾ ᠠᠴᠠ ︽ᠨᠢᠭᠡ ᠳᠤ ᠨᠢᠭᠡ︾ ᠶᠢ ᠳᠣᠲᠣᠨᠣ ᠪᠠᠷ ᠦᠢᠯᠡᠴᠢᠯᠡᠬᠦ ᠶᠢ ᠬᠠᠪᠰᠤᠷᠤᠨ ᠭᠦᠢᠴᠡᠳᠬᠡᠨ ︽ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾ 
ᠨᠡᠶᠢᠲᠡᠯᠡᠭᠰᠡᠨ ᠴᠠᠭ᠄
2023/10/25
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠰᠢᠨᠬᠤᠸᠠ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠢᠨ ︽ᠣᠯᠠᠨ ᠲᠦᠮᠡᠨ ᠬᠡᠷᠡᠭᠴᠡᠭᠡ ᠱᠠᠭᠠᠷᠳᠠᠯᠭ᠎ᠠ ᠳᠤᠷᠠᠳᠴᠤ᠂ ᠬᠠᠪᠰᠤᠷᠤᠨ ᠭᠦᠢᠴᠡᠳᠬᠡᠬᠦ ᠪᠥᠬᠦ ᠶᠠᠪᠤᠴᠠ ᠳᠤ ᠭᠦᠢᠴᠡᠳᠬᠡᠬᠦ︾ ᠰᠢᠨ᠎ᠡ ᠮᠠᠶ᠋ᠢᠭ ᠤᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠪᠣᠶ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠵᠠᠭᠪᠤᠷ ᠢ ᠰᠦᠪᠡᠭᠴᠢᠯᠡᠨ ᠰᠢᠨ᠎ᠡ ᠶᠢ ᠡᠭᠦᠳᠴᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠠᠶᠢᠩᠭᠤᠵᠢᠭᠤᠯᠬᠤ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ︽ᠨᠢᠭᠡ ᠳᠤ ᠨᠢᠭᠡ ᠶᠢ ᠬᠠᠩᠭᠠᠬᠤ︾ ︽ᠴᠡᠭ ᠠᠴᠠ ᠴᠡᠭ ᠲᠤ ᠬᠦᠷᠬᠦ︾ ᠨᠠᠷᠢᠯᠢᠭ ᠣᠨᠣᠴᠠᠲᠠᠢ ᠦᠢᠯᠡᠴᠢᠯᠡᠬᠦ ᠶᠢ ᠬᠡᠷᠡᠭᠵᠢᠭᠦᠯᠪᠡ᠃
     10 ᠳ᠋ᠤᠭᠠᠷ ᠰᠠᠷ᠎ᠠ ᠶᠢᠨ 8 ᠤ ᠡᠳᠦᠷ ᠤᠨ ᠥᠷᠯᠥᠭᠡ᠂ ᠮᠠ ᠠᠪᠤᠭᠠᠢ ᠰᠢᠨᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠬᠦᠷᠴᠦ᠂ ᠴᠣᠩᠬᠤᠨ ᠤ ᠠᠵᠢᠯᠲᠠᠳ ᠠᠴᠠ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠶᠢ ᠠᠰᠠᠭᠤᠨ ᠯᠠᠪᠯᠠᠵᠠᠢ᠃ ᠠᠵᠢᠯᠲᠠᠳ ᠠᠴᠠ ᠬᠤᠯᠪᠣᠭᠳᠠᠯ ᠪᠦᠬᠦᠢ ᠡᠷᠡᠮᠡᠯᠵᠡᠯ ᠤᠨ ᠮᠠᠲ᠋ᠧᠷᠢᠶᠠᠯ ᠢ ᠲᠡᠭᠦᠨ ᠳᠤ ᠲᠠᠭᠯᠠᠵᠤ ᠥᠭᠬᠦ ᠳᠤ᠂ ᠲᠡᠷᠡ ᠤᠯᠠᠨ ᠲᠦᠮᠡᠨ ᠲᠡᠷᠡ ᠳᠠᠷᠤᠢ  ᠳᠤᠨᠢ ᠬᠥᠮᠥᠰᠬᠡ ᠪᠠᠨ ᠵᠠᠩᠭᠢᠳᠤᠨ᠄ ︽ᠡᠭᠦᠨ ᠢ ᠪᠠᠰᠠ ᠲᠠᠭᠯᠠᠨ᠎ᠠ ᠦᠦ ? ᠭᠡᠲᠡᠯ᠎ᠡ ᠪᠢ ᠰᠣᠶᠣᠯ ᠦᠭᠡᠢ᠂ ᠦᠰᠦᠭ ᠪᠢᠴᠢᠵᠦ ᠴᠢᠳᠠᠬᠤ ᠦᠭᠡᠢ᠂ ᠭᠡᠷ ᠲᠡᠭᠡᠨ ᠠᠪᠠᠴᠢᠵᠤ ᠲᠠᠭᠯᠠᠭᠠᠳ ᠭᠡᠷ ᠤᠨ ᠬᠥᠮᠥᠰ ᠢᠶᠠᠷ ᠢᠶᠠᠨ ᠲᠠᠭᠯᠠᠭᠤᠯᠤᠭᠠᠳ ᠳᠠᠬᠢᠨ ᠨᠢᠭᠡ ᠤᠳᠠᠭ᠎ᠠ ᠭᠦᠶᠦᠯᠭᠡᠬᠦ ᠠᠴᠠ ᠥᠭᠡᠷ᠎ᠡ ᠠᠷᠭ᠎ᠠ ᠦᠭᠡᠢ ᠪᠣᠯᠵᠠᠢ !︾ ᠭᠡᠵᠦ ᠬᠡᠯᠡᠵᠡᠢ᠃ ᠭᠡᠵᠦ ᠲᠡᠷᠡ ᠬᠥᠮᠥᠨ ᠬᠤᠯᠪᠣᠭᠳᠠᠯ ᠪᠦᠬᠦᠢ ᠡᠷᠡᠮᠡᠯᠵᠡᠯ ᠤᠨ ᠮᠠᠲ᠋ᠧᠷᠢᠶᠠᠯ ᠢ ᠲᠡᠭᠦᠨ ᠳᠤ ᠲᠠᠭᠯᠠᠵᠤ ᠥᠭᠭᠦᠭᠰᠡᠨ ᠳᠤ᠂ ᠲᠡᠷᠡ ᠳᠣᠣᠷ᠎ᠠ ᠪᠠᠨ ᠬᠥᠮᠥᠰᠬᠡ ᠪᠠᠨ ᠵᠠᠩᠭᠢᠳᠤᠨ ᠬᠡᠯᠡᠪᠡ᠃ ᠣᠯᠠᠨ ᠲᠦᠮᠡᠨ ᠤ ᠨᠠᠰᠢ ᠴᠠᠰᠢ ᠭᠦᠶᠦᠬᠦ ᠠᠴᠠ ᠵᠠᠶᠢᠯᠠᠰᠬᠢᠬᠦ ᠶᠢᠨ ᠲᠥᠯᠥᠭᠡ᠂ ᠬᠠᠪᠰᠤᠷᠤᠨ ᠰᠢᠳᠬᠡᠭᠴᠢ ᠣᠷᠣᠯᠠᠨ ᠭᠦᠢᠴᠡᠳᠭᠡᠭᠴᠢ ᠠᠴᠠ ᠮᠠ ᠠᠪᠤᠭᠠᠢ ᠶᠢᠨ ᠱᠠᠭᠠᠷᠳᠠᠯᠭ᠎ᠠ ᠶᠢ ᠨᠠᠷᠢᠨ ᠣᠶᠢᠯᠠᠭᠠᠭᠰᠠᠨ ᠤ ᠳᠠᠷᠠᠭ᠎ᠠ᠂ ᠭᠤᠶᠤᠴᠢᠯᠠᠯ ᠤᠨ ᠮᠠᠲ᠋ᠧᠷᠢᠶᠠᠯ ᠢ ᠳᠠᠷᠤᠮᠠᠯᠯᠠᠨ ᠲᠠᠭᠯᠠᠵᠤ᠂ ᠪᠥᠬᠦ ᠶᠠᠪᠤᠴᠠ ᠳᠤ ᠲᠡᠭᠦᠨ ᠳᠤ ᠨᠠᠷᠢᠨ ᠨᠢᠮᠪᠠᠢ ᠦᠢᠯᠡᠴᠢᠯᠡᠭᠡ ᠬᠠᠩᠭᠠᠭᠰᠠᠨ ᠪᠠᠶᠢᠨ᠎ᠠ᠃ ᠮᠠ ᠠᠪᠤᠭᠠᠢ ᠴᠣᠩᠬᠤᠨ ᠤ ᠠᠵᠢᠯᠲᠠᠳ ᠤᠨ ᠣᠪᠣᠷ ᠰᠠᠶᠢᠨ᠂ ᠠᠵᠢᠯ ᠤᠨ ᠦᠷ᠎ᠡ ᠪᠦᠲᠦᠮᠵᠢ ᠥᠨᠳᠥᠷ ᠪᠠᠶᠢᠨ᠎ᠠ ᠭᠡᠵᠦ ᠮᠠᠭᠲᠠᠵᠤ ᠪᠠᠶᠢᠯ᠎ᠠ᠃ ᠴᠣᠩᠬᠤᠨ ᠤ ᠬᠦᠯᠢᠴᠡᠩᠭᠦᠢ᠂ ᠨᠠᠷᠢᠯᠢᠭ᠂ ᠠᠵᠢᠯ ᠦᠢᠯᠡᠰ ᠢᠶᠠᠨ ᠳᠡᠭᠡᠳᠦᠯᠡᠬᠦ ᠦᠢᠯᠡᠴᠢᠯᠡᠭᠡᠨ ᠤ ᠣᠪᠣᠷ ᠨᠢ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠰᠢᠨᠬᠤᠸᠠ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠦᠷᠭᠦᠯᠵᠢᠯᠡᠨ ᠴᠢᠷᠮᠠᠶᠢᠵᠤ᠂ ᠤᠯᠠᠨ ᠲᠦᠮᠡᠨ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠣᠯᠭᠤᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号