ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/25
      10 ᠰᠠᠷ᠎ᠠ ᠶᠢᠨ 16  ᠤ ᠦᠳᠡ ᠶᠢᠨ ᠡᠮᠦᠨ᠎ᠡ᠂ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠬᠠᠮᠢᠶ᠎ᠠ ᠪᠦᠬᠦᠢ ᠬᠤᠪᠢ ᠣᠷᠣᠭᠤᠯᠤᠭᠰᠠᠨ ᠲᠠᠰᠤᠭ ᠤᠨ ᠠᠵᠢᠯᠲᠠᠨ᠂ ᠲᠣᠭᠤᠷᠢᠭ ᠤᠨ ᠡᠯ᠎ᠡ ᠠᠯᠪᠠᠨ ᠠᠴᠠ ᠡᠷᠭᠢᠯᠡᠭᠰᠡᠨ᠂ ᠠᠷᠠᠳ  ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠠᠮᠤᠷ ᠲᠦᠪᠰᠢᠨ ᠤ ᠠᠵᠢᠯ ᠤᠨ ᠪᠣᠳᠠᠲᠠᠢ ᠪᠠᠶᠢᠴᠠᠭᠠᠬᠤ ᠠᠵᠢᠯᠲᠠᠨ ᠬᠤᠷᠠᠯ ᠳᠤ ᠣᠷᠣᠯᠴᠠᠬᠤ ᠶᠢ ᠬᠠᠷᠢᠭᠤᠴᠠᠨ᠎ᠠ᠃      ᠬᠤᠷᠠᠯ ᠠᠴᠠ ᠡᠮᠦᠨ᠎ᠡ ᠬᠤᠯᠪᠣᠭᠳᠠᠯ ᠪᠦᠬᠦᠢ ᠰᠲ᠋ᠣᠺ ᠤᠨ ᠲᠠᠰᠤᠭ ᠤᠨ ᠠᠵᠢᠯᠲᠠᠳ ᠨᠢᠭᠡᠨᠲᠡ ᠡᠯ᠎ᠡ ᠰᠤᠷᠭᠠᠭᠤᠯᠢ ᠶᠢᠨ ᠬᠦᠷᠢᠶᠡᠨ ᠤ ᠬᠤᠯᠪᠣᠭᠳᠠᠯ ᠪᠦᠬᠦᠢ ᠮᠡᠳᠡᠭᠡ ᠵᠠᠩᠭᠢ ᠪᠠ ᠪᠠᠶᠢᠴᠠᠭᠠᠬᠤ ᠠᠵᠢᠯᠲᠠᠨ ᠤ ᠮᠡᠳᠡᠭᠡ ᠵᠠᠩᠭᠢ ᠶᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠰᠢᠰᠲ᠋ᠧᠮ ᠳᠤ ᠣᠷᠣᠭᠤᠯᠤᠭᠰᠠᠨ ᠪᠠᠶᠢᠨ᠎ᠠ᠃
     ᠪᠣᠯᠪᠠᠰᠤᠷᠠᠭᠤᠯᠤᠯ ᠤᠨ ᠬᠤᠷᠠᠯ ᠤᠨ ᠨᠢᠭᠡᠳᠦᠭᠡᠷ ᠵᠦᠢᠯ ᠳᠤ ᠬᠠᠮᠢᠶ᠎ᠠ ᠪᠦᠬᠦᠢ ᠰᠲ᠋ᠣᠺ ᠤᠨ ᠲᠠᠰᠤᠭ ᠤᠨ ᠠᠵᠢᠯᠲᠠᠨ ᠠᠴᠠ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠰᠢᠰᠲ᠋ᠧᠮ ᠤᠨ ᠬᠡᠷᠡᠭᠯᠡᠯᠲᠡ ᠶᠢ ᠲᠠᠶᠢᠯᠪᠤᠷᠢᠯᠠᠨ ᠶᠠᠷᠢᠵᠤ᠂ ᠰᠢᠰᠲ᠋ᠧᠮ ᠤᠨ ᠭᠤᠣᠯ ᠪᠣᠯᠬᠤ ᠴᠢᠳᠠᠮᠵᠢ ᠶᠢ ᠬᠠᠷᠠᠭᠠᠨ ᠳᠠᠪᠲᠠᠮᠵᠢ ᠪᠠ PPT ᠪᠠᠷ ᠳᠠᠮᠵᠢᠭᠤᠯᠤᠨ ᠨᠠᠷᠢᠨ ᠲᠠᠶᠢᠯᠪᠤᠷᠢᠯᠠᠭᠰᠠᠨ ᠪᠥᠭᠡᠳ ᠲᠤᠬᠠᠢ ᠶᠢᠨ ᠲᠠᠯᠠᠪᠤᠷ ᠲᠤ ᠡᠯ᠎ᠡ ᠰᠤᠷᠭᠠᠭᠤᠯᠢ ᠶᠢᠨ ᠬᠦᠷᠢᠶᠡᠨ ᠤ ᠪᠠᠶᠢᠴᠠᠭᠠᠯᠲᠠ ᠶᠢ ᠬᠠᠷᠢᠭᠤᠴᠠᠵᠤ ᠪᠠᠶᠢᠭ᠎ᠠ ᠬᠥᠮᠥᠰ ᠲᠤ ᠬᠡᠷᠡᠭᠯᠡᠯᠲᠡ ᠶᠢᠨ ᠵᠢᠯᠣᠭᠤᠳᠤᠯᠭ᠎ᠠ ᠬᠢᠭᠰᠡᠨ ᠪᠠᠶᠢᠨ᠎ᠠ᠃ ᠲᠣᠰ ᠤᠳᠠᠭᠠᠨ ᠤ ᠰᠢᠲᠠᠮᠠᠬᠠᠢ ᠬᠡᠢ ᠶᠢᠨ ᠲᠤᠰᠬᠠᠢ ᠪᠠᠶᠢᠴᠠᠭᠠᠯᠲᠠ ᠶᠢᠨ ᠠᠵᠢᠯ ᠢ ᠨᠠᠩ ᠰᠠᠶᠢᠨ ᠥᠷᠨᠢᠭᠦᠯᠬᠦ ᠶᠢᠨ ᠲᠥᠯᠥᠭᠡ ᠪᠠᠰᠠ ᠬᠠᠮᠢᠶ᠎ᠠ ᠪᠦᠬᠦᠢ ᠠᠵᠢᠯ ᠤᠨ ᠪᠦᠯᠦᠭ ᠢ ᠪᠠᠶᠢᠭᠤᠯᠵᠤ᠂ ᠠᠰᠠᠭᠤᠳᠠᠯ ᠲᠠᠢ ᠪᠣᠯ ᠡᠯ᠎ᠡ ᠰᠤᠷᠭᠠᠭᠤᠯᠢ ᠶᠢᠨ ᠬᠦᠷᠢᠶ᠎ᠡ ᠪᠣᠯᠣᠨ ᠬᠠᠮᠢᠶ᠎ᠠ ᠪᠦᠬᠦᠢ ᠰᠲ᠋ᠣᠺ ᠤᠨ ᠲᠠᠰᠤᠭ ᠤᠨ ᠬᠥᠮᠥᠰ ᠤᠨ ᠬᠤᠭᠤᠷᠣᠨᠳᠣᠬᠢ ᠰᠣᠯᠢᠯᠴᠠᠭ᠎ᠠ ᠳᠤ ᠲᠥᠬᠦᠮ ᠦᠵᠡᠭᠦᠯᠪᠡ᠃      ᠪᠣᠯᠪᠠᠰᠤᠷᠠᠯ ᠤᠨ ᠬᠤᠷᠠᠯ ᠤᠨ ᠬᠤᠶᠠᠳᠤᠭᠠᠷ ᠵᠤᠷᠪᠤᠰ ᠲᠤ ᠬᠠᠮᠢᠶ᠎ᠠ ᠪᠦᠬᠦᠢ ᠰᠲ᠋ᠣᠺ ᠤᠨ ᠲᠠᠰᠤᠭ ᠤᠨ ᠠᠵᠢᠯᠲᠠᠳ ᠣᠶᠢᠷ᠎ᠠ ᠶᠢᠨ ᠵᠢᠯ ᠳᠤ ᠡᠭᠦᠰᠦᠭᠰᠡᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠤᠨ ᠬᠡᠷᠡᠭ ᠤᠨ ᠲᠣᠭᠤᠷᠢᠨ ᠳᠤ᠂ ᠠᠳᠡᠯ ᠤᠨ ᠰᠢᠯᠲᠠᠭᠠᠨ ᠪᠣᠯᠣᠨ ᠲᠤᠷᠰᠢᠯᠭ᠎ᠠ ᠰᠤᠷᠭᠠᠮᠵᠢ ᠶᠢ ᠵᠠᠳᠠᠯᠵᠤ᠂ ᠡᠭᠦᠨ ᠤ ᠬᠠᠮᠲᠤ PPT ᠶᠢᠨ ᠲᠠᠶᠢᠯᠪᠤᠷᠢᠯᠠᠯᠲᠠ ᠪᠠ ᠪᠣᠳᠠᠲᠤ ᠦᠵᠡᠮᠵᠢ ᠶᠢᠨ ᠭᠡᠷᠡᠯ ᠵᠢᠷᠤᠭ ᠵᠡᠷᠭᠡ ᠪᠣᠯᠪᠠᠰᠤᠷᠠᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠰᠢᠲᠠᠮᠠᠬᠠᠢ ᠬᠡᠢ ᠶᠢᠨ ᠯᠣᠩᠬᠤ᠂ ᠳᠠᠷᠤᠯᠲᠠ ᠪᠠᠭᠤᠷᠠᠭᠤᠯᠬᠤ ᠨᠡᠭᠡᠯᠡᠭᠡᠢ᠂ ᠵᠥᠭᠡᠯᠡᠨ ᠬᠤᠭᠤᠯᠠᠢ ᠶᠢᠨ ᠬᠢᠷᠢ ᠲᠡᠩᠴᠡᠭᠰᠡᠨ ᠡᠰᠡᠬᠦ ᠶᠢᠨ ᠪᠠᠷᠢᠮᠵᠢᠶ᠎ᠠ ᠶᠢ ᠨᠠᠷᠢᠨ ᠲᠠᠨᠢᠯᠴᠠᠭᠤᠯᠵᠤ᠂ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠡᠷᠬᠡᠪᠰᠢ ᠵᠢᠷᠤᠮᠯᠠᠬᠤ ᠠᠵᠢᠯᠯᠠᠭᠠᠨ ᠤ ᠵᠢᠷᠤᠮᠵᠢᠯ᠂ ᠰᠢᠲᠠᠮᠠᠬᠠᠢ ᠬᠡᠢ ᠶᠢᠨ ᠭᠤᠭᠤᠵᠢᠯᠲᠠ ᠶᠢ ᠪᠠᠶᠢᠴᠠᠭᠠᠨ ᠰᠢᠯᠭᠠᠬᠤ ᠠᠷᠭ᠎ᠠ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠢᠴᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠣᠨᠤᠭ ᠲᠥᠬᠦᠭᠡᠷᠦᠮᠵᠢ ᠶᠢ ᠨᠡᠮᠡᠵᠦ ᠤᠭᠰᠠᠷᠠᠬᠤ ᠶᠢᠨ ᠴᠢᠬᠤᠯᠠ ᠴᠢᠨᠠᠷ ᠵᠡᠷᠭᠡ ᠶᠢ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠪᠠᠷ ᠳᠠᠮᠵᠢᠭᠤᠯᠤᠨ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠠᠮᠤᠷ ᠲᠦᠪᠰᠢᠨ ᠤ ᠬᠠᠷᠢᠭᠤᠴᠠᠯᠭᠠᠲᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠪᠣᠯᠪᠠᠰᠤᠷᠠᠭᠤᠯᠤᠯ ᠢᠶᠠᠷ ᠳᠡᠮᠵᠢᠨ᠂ ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ ᠡᠯ᠎ᠡ ᠰᠤᠷᠭᠠᠭᠤᠯᠢ ᠶᠢᠨ ᠬᠦᠷᠢᠶᠡᠨ ᠤ ᠬᠢᠨ ᠨᠢᠭᠡᠨᠲᠡ ᠬᠤᠭᠤᠯᠠᠨ ᠭᠡᠷ ᠲᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠦᠭᠰᠡᠨ ᠪᠥᠭᠡᠳ ᠬᠠᠮᠢᠶ᠎ᠠ ᠪᠦᠬᠦᠢ ᠮᠡᠳᠡᠭᠡ ᠵᠠᠩᠭᠢ ᠶᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠰᠢᠰᠲ᠋ᠧᠮ ᠳᠤ ᠣᠷᠣᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠂ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠮᠤᠷ ᠲᠦᠪᠰᠢᠨ ᠢᠶᠠᠷ ᠬᠡᠢ ᠬᠡᠷᠡᠭᠯᠡᠬᠦ ᠮᠡᠳᠡᠯᠭᠡ ᠶᠢ ᠦᠷᠭᠦᠯᠵᠢᠯᠡᠨ ᠤᠬᠠᠭᠤᠯᠤᠨ ᠲᠦᠭᠡᠮᠡᠯᠵᠢᠭᠦᠯᠵᠦ᠂ ᠰᠢᠲᠠᠮᠠᠬᠠᠢ ᠬᠡᠢ ᠬᠡᠷᠡᠭᠯᠡᠬᠦ ᠡᠷᠦᠬᠡ ᠶᠢᠨ ᠠᠮᠤᠷ ᠲᠦᠪᠰᠢᠨ ᠢᠶᠠᠷ ᠬᠡᠢ ᠬᠡᠷᠡᠭᠯᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠡᠮ ᠰᠣᠭᠤᠭ ᠢ ᠦᠨᠡᠨᠬᠦ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠤᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号