ᠣᠷᠣᠨ ᠤ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2023/10/30
      10 ᠰᠠᠷ᠎ᠠ ᠶᠢᠨ 21  ᠠᠴᠠ 23 ᠤ ᠡᠳᠦᠷ ᠪᠣᠯᠲᠠᠯ᠎ᠠ᠂ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠤ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠨᠥᠬᠦᠳ ᠵᠢᠴᠢ ᠡᠯ᠎ᠡ ᠭᠠᠵᠠᠷ ᠣᠷᠣᠨ ᠤ ᠨᠠᠮ ᠵᠠᠰᠠᠭ ᠤᠨ ᠭᠤᠣᠯ ᠤᠳᠤᠷᠢᠳᠬᠤ ᠨᠥᠬᠦᠳ᠂ ᠣᠷᠣᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ᠂ ᠪᠠᠶᠢᠴᠠᠭᠠᠨ ᠰᠤᠳᠤᠯᠤᠭᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠰᠣᠯᠢᠯᠴᠠᠨ ᠰᠤᠳᠤᠯᠤᠨ ᠶᠠᠷᠢᠯᠴᠠᠨ᠎ᠠ᠃ᠣᠷᠣᠨ ᠤ ᠨᠠᠮ ᠤᠨ ᠬᠤᠷᠢᠶᠠᠨ ᠤ ᠱᠦᠵᠢ ᠵᠤᠤ ᠶᠠᠨ ᠷᠦ᠋ ᠰᠣᠯᠢᠯᠴᠠᠨ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠨᠣᠮ ᠤᠩᠰᠢᠬᠤ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ᠡᠨᠡ ᠬᠤᠭᠤᠴᠠᠭᠠᠨ ᠳᠤ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢᠶᠣᠤ ᠸᠥ᠋ᠨ ᠵᠢᠶᠸ ᠬᠤᠲᠣᠩ ᠦᠨᠳᠦᠰᠦᠲᠡᠨ ᠤ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠡᠢ᠃ᠮᠠ ᠳᠤ ᠠᠨ᠂ ᠯᠢ ᠬᠠᠢ ᠶᠢᠩ᠂ ᠱᠥ᠋ᠨ ᠢᠦᠢ ᠫᠢᠩ᠂ ᠵᠠᠩ ᡁᠢ ᠵᠦᠩ᠂ ᠸᠠᠩ ᠶᠠ ᠨᠠ᠂ ᠢᠦᠢ ᠲᠠᠯᠠᠢ ᠶᠢᠨ ᠴᠡᠷᠢᠭ᠂ ᠹᠦ᠋ ᠰᠢᠦᠢ ᠭᠠᠩ᠂ ᠬᠠᠨ ᠰᠢᠦᠢ ᠳ᠋ᠦᠩ᠂ ᠸᠠᠩ ᠯᠢ ᠰᠢᠩ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠵᠤᠤ ᠶᠠᠨ ᠷᠦ᠋ ᠤᠯᠠᠨ ᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠶᠢ ᠨᠤᠲᠠᠯᠠᠭᠰᠠᠨ ᠪᠥᠭᠡᠳ ᠬᠤᠳᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠬᠤᠳᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠳᠤ ᠪᠠᠶᠢᠴᠠᠭᠠᠨ ᠰᠤᠳᠤᠯᠬᠤ ᠠᠵᠢᠯ ᠢ ᠰᠠᠶᠢᠲᠤᠷ ᠥᠷᠨᠢᠭᠦᠯᠬᠦ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠳᠠᠯ ᠢ ᠤᠯᠠᠮᠵᠢᠯᠠᠪᠠ᠃ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠲᠠᠯ᠎ᠠ ᠪᠠᠷ᠂ ᠵᠣᠣ ᠶᠠᠨ ᠷᠦ᠋ ᠴᠢᠬᠤᠯᠠᠴᠢᠯᠠᠬᠤ ᠳᠠᠭᠠᠨ᠄ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠬᠦ ᠤᠯᠤᠰ ᠲᠥᠷᠥ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠶᠡᠷᠦᠩᠬᠡᠢ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠠᠶᠢᠴᠠᠭᠠᠨ ᠰᠤᠳᠤᠯᠤᠯᠲᠠ ᠭᠡᠬᠦ ᠡᠨᠡᠬᠦ︽ᠤᠯᠠᠮᠵᠢᠯᠠᠯᠲᠤ ᠡᠷᠳᠡᠨᠢ︾ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠪᠠᠶᠢᠴᠠᠭᠠᠨ ᠰᠤᠳᠤᠯᠤᠯᠲᠠ ᠶᠢ ᠨᠢᠭᠡ ᠵᠦᠢᠯ ᠤᠨ ᠦᠵᠡᠯ ᠰᠠᠨᠠᠭᠠᠨ ᠤ ᠠᠷᠭ᠎ᠠ ᠪᠠ ᠠᠵᠢᠯ ᠤᠨ ᠠᠷᠭ᠎ᠠ ᠪᠣᠯᠭᠠᠵᠤ᠂ ᠡᠯ᠎ᠡ ᠵᠦᠢᠯ ᠤᠨ ᠠᠵᠢᠯ ᠤᠨ ᠳᠤᠮᠳᠠ ᠲᠤᠤᠱᠯᠠᠭᠤᠯᠵᠤ᠂ ᠰᠢᠰᠲ᠋ᠧᠮ ᠲᠠᠢ᠂ ᠨᠠᠷᠢᠨ ᠨᠢᠭᠲᠠ᠂ ᠶᠠᠪᠤᠭᠳᠠᠭᠤᠰᠢᠲᠠᠢ ᠪᠠᠶᠢᠴᠠᠭᠠᠨ ᠰᠤᠳᠤᠯᠤᠯᠲᠠ ᠪᠠᠷ ᠳᠠᠮᠵᠢᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠵᠠᠳᠠᠯᠬᠤ ᠶᠢᠨ ᠬᠠᠮᠲᠤ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ᠂ ᠠᠷᠭ᠎ᠠ᠂ ᠠᠷᠭᠠᠴᠠᠬᠤ ᠪᠣᠳᠣᠯᠭ᠎ᠠ ᠶᠢ ᠳᠤᠷᠠᠳᠴᠤ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠪᠠᠷ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠳᠦᠷᠢᠮ ᠢ ᠦᠢᠯᠡᠳᠦᠯᠭᠡᠵᠢᠭᠦᠯᠵᠦ᠂ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠢᠨᠵᠧᠨᠧᠷᠢᠩ᠂ ᠴᠢᠬᠤᠯᠠ ᠠᠵᠢᠯ ᠤᠨ ᠡᠮᠦᠨ᠎ᠡ ᠹᠷᠣᠨᠲ ᠲᠤ ᠭᠦᠨᠵᠡᠭᠡᠶᠢᠷᠡᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠤᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠦᠷᠭᠦᠯᠵᠢᠯᠡᠨ ᠠᠬᠢᠭᠤᠯᠤᠨ ᠰᠢᠢᠳᠪᠦᠷᠢᠯᠡᠬᠦ ᠬᠡᠷᠡᠭᠲᠡᠢ᠃ᠪᠠᠶᠢᠴᠠᠭᠠᠨ ᠰᠤᠳᠤᠯᠤᠯᠲᠠ ᠶᠢᠨ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠵᠦ᠂ ︽ᠣᠳᠣᠬᠠᠨ ᠳᠤ ᠥᠭᠡᠷᠡᠴᠢᠯᠡᠬᠦ︾ᠪᠠ︽ᠤᠷᠳᠤ ᠬᠤᠭᠤᠴᠠᠭ᠎ᠠ ᠪᠠᠷ ᠵᠣᠭᠰᠣᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠪᠠᠶᠢᠴᠠᠭᠠᠨ ᠰᠤᠳᠤᠯᠤᠯᠲᠠ ᠶᠢᠨ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠴᠠᠭᠠᠨ ᠰᠤᠳᠤᠯᠤᠯᠲᠠ ᠶᠢᠨ ᠰᠤᠷᠲᠠᠯ ᠢ ᠰᠠᠶᠢᠵᠢᠷᠠᠭᠤᠯᠵᠤ᠂ ᠪᠠᠶᠢᠴᠠᠭᠠᠨ ᠰᠤᠳᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠶᠢᠴᠠᠭᠠᠨ ᠰᠤᠳᠤᠯᠤᠯᠲᠠ ᠶᠢᠨ ᠠᠵᠢᠯ ᠤᠨ ᠳᠦᠷᠢᠮᠵᠢᠭᠦᠯᠦᠯᠲᠡ᠂ ᠵᠢᠷᠦᠮᠵᠢᠯᠲᠡ ᠶᠢ ᠠᠬᠢᠭᠤᠯᠬᠤ ᠬᠡᠷᠡᠭᠲᠡᠢ᠃︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾ ᠶᠢ ᠪᠤᠢ ᠪᠣᠯᠭᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠠᠯᠤᠰ ᠬᠡᠳᠤ ᠶᠢ ᠬᠠᠮᠢᠶᠠᠷᠬᠤ᠂ ᠤᠷᠳᠤ ᠬᠤᠭᠤᠴᠠᠭᠠᠨ ᠤ ᠬᠦᠴᠦᠨ ᠲᠠᠢ ᠪᠠᠶᠢᠬᠤ᠂ ᠲᠠᠬᠢᠨ ᠢᠯᠡᠷᠡᠬᠦ ᠦᠭᠡᠢ ᠠᠵᠢᠯ ᠤᠨ ᠲᠣᠭᠲᠠᠴᠠ ᠶᠢ ᠰᠦᠪᠡᠭᠴᠢᠯᠡᠨ ᠪᠦᠷᠢᠯᠳᠦᠭᠦᠯᠵᠦ᠂ ︽ᠨᠢᠭᠡ ᠠᠰᠠᠭᠤᠳᠠᠯ ᠢ ᠵᠠᠳᠠᠯᠬᠤ︾ ᠠᠴᠠ︽ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ︾ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ᠴᠡᠭᠴᠡᠯᠡᠨ ᠥᠭᠡᠷᠡᠴᠢᠯᠡᠵᠦ ᠳᠠᠭᠤᠰᠤᠭᠠᠳᠤᠢ ᠠᠰᠠᠭᠤᠳᠠᠯ ᠳᠤ ᠬᠠᠨᠳᠤᠬᠤ ᠳᠠᠭᠠᠨ ᠬᠦᠴᠦᠨ ᠢᠶᠠᠨ ᠲᠥᠪᠯᠡᠷᠡᠭᠦᠯᠦᠨ ᠠᠬᠢᠴᠠ ᠪᠠᠨ ᠲᠦᠷᠭᠡᠳᠬᠡᠵᠦ᠂ ︽ᠪᠡᠷᠬᠡ ᠠᠰᠠᠭᠤᠳᠠᠯ︾ ᠢ ᠡᠷᠡᠰ ᠰᠢᠢᠳᠪᠦᠷᠢᠯᠡᠵᠦ᠂ ︽ᠠᠰᠠᠭᠤᠳᠠᠯ ᠤᠨ ᠨᠠᠷᠢᠨ ᠲᠠᠩᠰᠠ︾ ᠶᠢ ︽ᠦᠷ᠎ᠡ ᠪᠦᠲᠦᠮᠵᠢ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号