ᠬᠥᠬᠡᠬᠤᠲᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠦᠷᠭᠦᠯᠵᠢᠯᠡᠨ ᠲᠦᠷᠭᠡᠨ ᠢᠶᠠᠷ ᠬᠥᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2023/10/7
     ︵ᠰᠤᠷᠪᠤᠯᠵᠢᠯᠠᠭᠴᠢ ᠶᠠᠩ ᠼᠠᠢ ᠰᠢᠶᠠ︶ ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠳᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠬᠤᠳᠠ ᠶᠢᠨ ᠥᠷᠭᠡᠨ ᠤᠯᠠᠨ ᠲᠠᠷᠢᠶᠠᠴᠢᠳ ᠢ ᠪᠦᠯᠬᠦᠮᠳᠡᠨ ᠳᠠᠭᠠᠭᠤᠯᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠣᠷᠣᠨ ᠤ ᠲᠥᠪ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠦᠷᠭᠦᠯᠵᠢᠯᠡᠨ ᠬᠥᠭᠵᠢᠬᠦ᠂ ᠬᠥᠳᠡᠭᠡ ᠲᠣᠰᠬᠤᠨ ᠤ ᠠᠵᠤ ᠠᠬᠤᠢ ᠶᠢᠨ ᠪᠦᠬᠦ ᠲᠠᠯ᠎ᠠ ᠪᠠᠷ ᠴᠡᠴᠡᠭᠯᠡᠨ ᠬᠥᠭᠵᠢᠬᠦ᠂ ᠲᠠᠷᠢᠶᠠᠴᠢᠳ ᠤᠨ ᠠᠮᠢᠳᠤᠷᠠᠯ ᠤᠨ ᠢᠯᠡᠳᠲᠡ ᠰᠠᠶᠢᠵᠢᠷᠠᠬᠤ ᠶᠢ ᠦᠷᠭᠦᠯᠵᠢᠯᠡᠨ ᠠᠬᠢᠭᠤᠯᠵᠠᠢ᠃      ᠡᠨᠡ ᠵᠢᠯ ᠠᠴᠠ ᠨᠠᠰᠢ᠂ ᠮᠠᠨ ᠤ ᠬᠤᠲᠠ ︽ᠮᠢᠩᠭᠠᠨ ᠲᠦᠮᠡᠨ ᠢᠨᠵᠧᠨᠧᠷᠢᠩ ᠤᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠵᠤ ᠬᠡᠷᠡᠭᠯᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠴᠠ ᠭᠠᠷᠳᠠᠵᠤ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠪᠦᠬᠦ ᠲᠠᠯ᠎ᠠ  ᠪᠠᠷ ᠰᠠᠶᠢᠵᠢᠷᠠᠭᠤᠯᠵᠤ᠂ ᠡᠭᠦᠨ ᠤ ᠬᠠᠮᠲᠤ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠢ ᠪᠣᠶᠢᠵᠢᠭᠤᠯᠬᠤ ᠵᠡᠷᠭᠡ ᠡᠯ᠎ᠡ ᠲᠠᠯ᠎ᠠ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠵᠦ᠂ ᠠᠮᠤ ᠪᠤᠳᠠᠭᠠᠨ ᠤ ᠦᠢᠯᠡᠳᠪᠦᠷᠢᠯᠡᠯ ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ᠶᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠠᠬᠢᠵᠤ᠂ ᠲᠠᠷᠢᠶᠠᠯᠠᠩ ᠮᠠᠯ ᠠᠵᠤ ᠠᠬᠤᠢ ᠶᠢᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠢᠯᠠᠩᠭᠤᠶ᠎ᠠ ᠪᠣᠬᠢᠷᠲᠤᠯ ᠦᠭᠡᠢ ᠢᠳᠡᠭᠡᠨ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠲᠦᠷᠭᠡᠨ ᠪᠣᠯᠵᠤ᠂ ᠤᠯᠤᠰ ᠤᠨ ᠰᠦ ᠶᠢᠨ ᠦᠢᠯᠡᠰ᠂ ᠲᠥᠮᠥᠰᠥ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ ᠵᠥᠪᠰᠢᠶᠡᠷᠡᠨ ᠨᠠᠶᠢᠳᠠᠪᠤᠷᠢᠵᠢᠭᠤᠯᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠦᠷᠦᠭᠦᠬᠡᠨ ᠪᠠᠰᠠ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ᠮᠠᠨ ᠤ ᠬᠤᠲᠠ ︽ᠳᠤᠮᠳᠠᠳᠤ ᠤᠯᠤᠰ ᠤᠨ ᠰᠦ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠬᠤᠲᠠ︾ ︽ᠳᠡᠯᠡᠬᠡᠢ ᠶᠢᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ︾ ᠪᠠᠷ ᠦᠨᠡᠯᠡᠭᠳᠡᠪᠡ᠃ ᠡᠭᠦᠨ ᠤ ᠬᠠᠮᠲᠤ᠂ ᠮᠠᠨ ᠤ ᠬᠤᠲᠠ ᠪᠠᠰᠠ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ᠂ ᠪᠥᠬᠦ ᠤᠯᠤᠰ ᠤᠨ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ᠂ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ ᠵᠡᠷᠭᠡ ᠣᠯᠠᠨ ᠣᠯᠠᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ ᠪᠦᠬᠦ ᠬᠤᠳᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠦᠷᠭᠦᠯᠵᠢᠯᠡᠨ ᠲᠦᠷᠭᠡᠨ ᠬᠥᠭᠵᠢᠵᠦ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃      ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠪᠠ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠮᠠᠨ ᠤ ᠬᠤᠲᠠ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠵᠤ ᠬᠡᠷᠡᠭᠯᠡᠬᠦ ᠪᠠᠷ ᠭᠠᠷᠳᠠᠴᠠ ᠪᠣᠯᠭᠠᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠦᠷᠭᠦᠯᠵᠢᠯᠡᠨ ᠪᠦᠲᠦᠮᠵᠢᠲᠡᠢ ᠵᠣᠯᠭᠠᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠤ ᠠᠷᠠᠳ ᠢ ᠴᠢᠨᠡᠭᠡᠯᠢᠭᠵᠢᠭᠦᠯᠬᠦ ᠶᠢ ᠲᠦᠷᠭᠡᠳᠬᠡᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠠᠷᠠᠯᠲᠠ ᠲᠡᠰᠢ ᠬᠦᠴᠦᠯᠡᠨ ᠤᠷᠤᠭᠰᠢᠯᠠᠵᠤ ᠂ ᠪᠦᠬᠦ ᠨᠡᠶᠢᠭᠡᠮ ᠳᠤ ᠬᠥᠳᠡᠭᠡ ᠠᠵᠤ ᠠᠬᠤᠢ ᠪᠣᠯ ᠬᠥᠭᠵᠢᠯᠲᠡ ᠶᠢᠨ ᠡᠷᠡᠮᠡᠯᠵᠡᠯ ᠲᠠᠢ ᠠᠵᠤ ᠦᠢᠯᠡᠰ᠂ ᠲᠠᠷᠢᠶᠠᠴᠢᠨ ᠪᠣᠯ ᠲᠠᠲᠠᠬᠤ ᠬᠦᠴᠦᠨ ᠲᠠᠢ ᠠᠵᠢᠯ ᠮᠡᠷᠭᠡᠵᠢᠯ᠂ ᠬᠥᠳᠡᠭᠡ ᠲᠣᠰᠬᠤᠨ ᠪᠣᠯ ᠠᠮᠤᠷ ᠵᠢᠮᠤᠷ ᠠᠵᠤ ᠲᠦᠷᠦᠭᠦ ᠰᠠᠶᠢᠨ ᠰᠠᠶᠢᠬᠠᠨ ᠭᠡᠷ ᠣᠷᠣᠨ ᠪᠣᠯᠬᠤ ᠶᠢ ᠦᠨᠡᠨᠬᠦ ᠮᠡᠳᠡᠷᠡᠭᠦᠯᠪᠡ᠃      ᠢᠷᠡᠯᠲᠡ᠄   ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号