︽ᠰᠢᠨᠬᠤᠸᠠ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ︾ ︽ᠬᠠᠪᠰᠤᠷᠤᠨ ᠬᠢᠭᠴᠢ ᠣᠷᠣᠯᠠᠨ ᠭᠦᠢᠴᠡᠳᠭᠡᠭᠴᠢ︾ ᠨᠢ ᠴᠣᠩᠬᠤᠨ ᠤ ᠦᠢᠯᠡᠴᠢᠯᠡᠭᠡ ᠶᠢ ᠨᠠᠩ ᠳᠣᠲᠣᠨᠣ ᠪᠣᠯᠭᠠᠪᠠ
ᠨᠡᠶᠢᠲᠡᠯᠡᠭᠰᠡᠨ ᠴᠠᠭ᠄
2023/11/1
      ︽ᠠᠵᠢᠯᠲᠠᠨ ᠠᠵᠢᠯ ᠳᠠᠭᠠᠨ ᠨᠠᠷᠢᠨ ᠬᠢᠨᠠᠮᠠᠭᠠᠢ ᠬᠠᠷᠢᠭᠤᠴᠠᠵᠤ᠂ ᠬᠦᠯᠢᠴᠡᠩᠭᠦᠢ ᠪᠠᠷ ᠠᠵᠢᠯᠯᠠᠵᠤ᠂ ᠠᠷᠠᠳ ᠲᠦᠮᠡᠨ ᠤ ᠲᠥᠯᠥᠭᠡ ᠦᠨᠡᠨ ᠬᠦ ᠪᠣᠳᠣᠯᠬᠢᠯᠠᠵᠤ᠂ ᠣᠯᠠᠨ ᠲᠦᠮᠡᠨ ᠤ ᠠᠵᠢᠯ ᠶᠠᠪᠤᠳᠠᠯ ᠬᠢᠬᠦ ᠴᠠᠭ ᠪᠠ ᠥᠪᠡᠷ ᠤᠨ ᠥᠷᠲᠡᠭ ᠢ ᠪᠠᠭᠠᠰᠬᠠᠵᠤ ᠪᠠᠶᠢᠨ᠎ᠠ ᠁ ᠣᠳᠣ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡ ᠶᠠᠪᠤᠬᠤ ᠲᠤᠲᠤᠮ ᠰᠠᠶᠢᠵᠢᠷᠠᠵᠤ ᠪᠠᠶᠢᠨ᠎ᠠ︾᠃ ᠲᠦᠷᠦᠭᠦᠬᠡᠨ᠂ ᠰᠧ ᠾᠧ ᠰᠢᠩ ᠪᠠᠭ᠎ᠠ ᠲᠣᠭᠤᠷᠢᠭ ᠤᠨ ᠯᠢᠦ ᠨᠠᠰᠤᠲᠠᠨ ᠰᠧ ᠾᠧ ᠰᠢᠩ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡᠨ ᠤ ᠴᠣᠩᠬᠤᠨ ᠤ ᠠᠵᠢᠯᠲᠠᠨ ᠤ ᠲᠡᠳᠡᠨ ᠳᠤ ᠲᠦᠷᠭᠡᠨ ᠲᠤᠬᠠᠶᠢᠯᠠᠭᠰᠠᠨ ᠠᠵᠢᠯ ᠭᠦᠢᠴᠡᠳᠬᠡᠵᠦ ᠥᠭᠭᠦᠭᠰᠡᠨ ᠳᠤ ᠵᠠᠯᠭᠠᠭ᠎ᠠ ᠪᠠᠷ ᠲᠠᠯᠠᠷᠬᠠᠪᠠ᠃
     ᠣᠶᠢᠷ᠎ᠠ ᠳᠤ᠂ ᠯᠢᠦ ᠨᠠᠰᠤᠲᠠᠨ ᠥᠷᠯᠥᠭᠡ ᠡᠷᠲᠡ ᠬᠥᠭᠰᠢᠨ ᠲᠠᠢ ᠪᠠᠨ ᠰᠧ ᠾᠧ ᠰᠢᠩ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡᠨ ᠳᠤ ᠢᠷᠡᠵᠦ ᠤᠴᠢᠷ ᠶᠠᠪᠤᠳᠠᠯ ᠪᠦᠲᠦᠭᠡᠪᠡ᠃ ᠦᠷ᠎ᠡ ᠬᠡᠦᠬᠡᠳ ᠨᠢ ᠬᠥᠬᠡᠬᠤᠲᠠ ᠳᠤ ᠪᠠᠶᠢᠬᠤ ᠦᠭᠡᠢ ᠤᠴᠢᠷ ᠠᠴᠠ ᠡᠷ᠎ᠡ ᠡᠮ᠎ᠡ ᠬᠤᠶᠠᠭᠤᠯᠠ ᠨᠠᠰᠤ ᠠᠬᠠᠰᠢᠷᠠᠪᠠᠯ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠬᠢᠯᠭᠡᠬᠦ ᠦᠭᠡᠢ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠣᠴᠢᠭᠰᠠᠨ ᠴᠤ ᠶᠠᠭᠠᠬᠢᠵᠤ ᠶᠠᠪᠤᠬᠤ ᠪᠠᠨ ᠮᠡᠳᠡᠬᠦ ᠦᠭᠡᠢ᠂ ᠭᠡᠪᠡᠴᠦ ᠴᠠᠭ ᠲᠤᠬᠠᠢ ᠳᠤᠨᠢ ᠭᠡᠷᠡᠴᠢᠯᠡᠯ ᠬᠢᠯᠭᠡᠬᠦ ᠦᠭᠡᠢ ᠪᠣᠯ ᠳᠠᠷᠠᠭ᠎ᠠ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠠᠭᠠᠨ ᠣᠯᠵᠤ ᠳᠡᠶᠢᠯᠬᠦ ᠦᠭᠡᠢ ᠠᠰᠠᠭᠤᠳᠠᠯ ᠲᠤᠯᠭᠠᠷᠠᠵᠤ᠂ ᠡᠷ᠎ᠡ ᠡᠮ᠎ᠡ ᠬᠤᠶᠠᠭᠤᠯᠠ ᠰᠠᠨᠳᠤᠷᠤᠭᠠᠳ ᠶᠠᠭᠠᠬᠢᠵᠤ ᠬᠢᠬᠦ ᠪᠠᠨ ᠮᠡᠳᠡᠬᠦ ᠦᠭᠡᠢ ᠪᠣᠯᠵᠠᠢ᠃ ᠬᠠᠪᠰᠤᠷᠤᠨ ᠰᠢᠳᠬᠡᠭᠴᠢ ᠣᠷᠣᠯᠠᠨ ᠭᠦᠢᠴᠡᠳᠭᠡᠭᠴᠢ ᠲᠡᠷᠡ ᠬᠤᠶᠠᠷ ᠢ ᠣᠯᠵᠤ ᠦᠵᠡᠭᠰᠡᠨ ᠪᠥᠭᠡᠳ ᠬᠠᠪᠰᠤᠷᠤᠭᠤᠯᠬᠤ ᠴᠢᠬᠤᠯᠠ ᠲᠠᠢ ᠵᠦᠢᠯ ᠶᠠᠭᠤ ᠪᠠᠶᠢᠬᠤ ᠪᠤᠢ︖ ᠭᠡᠵᠦ ᠲᠡᠷᠡ ᠬᠤᠶᠠᠭᠤᠯᠠ ᠠᠴᠠ ᠠᠰᠠᠭᠤᠪᠠ᠃ ᠡᠷ᠎ᠡ ᠡᠮ᠎ᠡ ᠬᠤᠶᠠᠭᠤᠯᠠ ᠠᠮᠢ ᠠᠪᠤᠷᠠᠬᠤ ᠲᠤᠲᠤᠷᠭ᠎ᠠ ᠶᠢᠨ ᠡᠪᠡᠰᠦ ᠶᠢ ᠣᠯᠵᠤ ᠦᠵᠡᠭᠰᠡᠨ ᠰᠢᠭ ᠲᠤᠶᠢᠯ ᠤᠨ ᠪᠠᠶᠠᠷ ᠲᠠᠢ ᠪᠠᠷ ᠬᠠᠪᠰᠤᠷᠤᠨ ᠭᠦᠢᠴᠡᠳᠭᠡᠭᠴᠢ ᠲᠠᠢ ᠬᠠᠮᠲᠤ ᠤᠴᠢᠷ ᠶᠠᠪᠤᠳᠠᠯ ᠤᠨ ᠤᠭ ᠰᠢᠯᠲᠠᠭᠠᠨ ᠢ ᠲᠣᠳᠣᠷᠬᠠᠶᠢᠯᠠᠵᠤ᠂ ᠬᠠᠪᠰᠤᠷᠤᠨ ᠭᠦᠢᠴᠡᠳᠭᠡᠭᠴᠢ ᠠᠴᠠ ᠤᠷᠢᠳ ᠢᠶᠠᠷ ᠨᠠᠰᠤᠲᠠᠶᠢᠴᠤᠳ ᠲᠤ ᠬᠤᠵᠢᠮ ᠤᠴᠢᠷ ᠲᠠᠢ ᠪᠣᠯ ᠬᠠᠪᠰᠤᠷᠤᠨ ᠭᠦᠢᠴᠡᠳᠭᠡᠭᠴᠢ ᠶᠢ ᠡᠷᠢᠵᠦ ᠬᠠᠪᠰᠤᠷᠤᠨ ᠭᠦᠢᠴᠡᠳᠬᠡᠭᠦ ᠪᠣᠯᠤᠨ᠎ᠠ᠂ ᠵᠣᠪᠠᠭ᠋ᠤ ᠬᠡᠷᠡᠭ ᠦᠭᠡᠢ᠂ ᠬᠠᠪᠰᠤᠷᠤᠨ ᠭᠦᠢᠴᠡᠳᠭᠡᠭᠴᠢ ᠠᠴᠠ ᠬᠦᠴᠢᠷᠳᠡᠯ ᠲᠠᠢ ᠬᠥᠮᠥᠰ ᠲᠤ ᠡᠯ᠎ᠡ ᠲᠦᠷᠦᠯ ᠤᠨ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠪᠠᠴᠢᠮ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠶᠢ ᠬᠡᠯᠡᠵᠦ ᠥᠭᠭᠦᠭᠰᠡᠨ ᠪᠠᠶᠢᠨ᠎ᠠ ᠃ ᠡᠭᠦᠨ ᠳᠤ ᠡᠪ ᠦᠭᠡᠶᠢᠷᠡᠭᠰᠡᠨ ᠤ ᠬᠡᠷᠡᠭ ᠦᠭᠡᠢ᠂ ᠬᠠᠪᠰᠤᠷᠤᠨ ᠭᠦᠢᠴᠡᠳᠭᠡᠭᠴᠢ ᠠᠴᠠ ᠬᠠᠪᠰᠤᠷᠤᠨ ᠭᠦᠢᠴᠡᠳᠭᠡᠭᠴᠢ ᠳᠤ ᠡᠯ᠎ᠡ ᠵᠦᠢᠯ ᠤᠨ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠬᠦᠴᠢᠷ ᠵᠣᠪᠠᠭᠤᠷᠢ ᠶᠢ  ᠨᠢ ᠰᠢᠢᠳᠪᠦᠷᠢᠯᠡᠵᠦ ᠥᠭᠴᠡᠢ᠃ ᠡᠭᠦᠨ ᠤ ᠳᠠᠷᠠᠭ᠎ᠠ᠂ ᠨᠠᠰᠤᠲᠠᠨ ᠢ ᠭᠠᠷ ᠤᠲᠠᠰᠤ ᠪᠠᠨ ᠭᠠᠷᠭᠠᠵᠤ᠂ ᠨᠠᠰᠤᠲᠠᠨ ᠳᠤ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠬᠢᠯᠭᠡᠬᠦ ᠶᠢ ᠠᠯᠬᠤᠮ ᠠᠯᠬᠤᠮ ᠢᠶᠠᠷ ᠵᠢᠭᠠᠵᠤ ᠥᠭᠭᠦᠨ᠎ᠡ᠃ ᠡᠭᠦᠨ ᠤ ᠵᠡᠷᠭᠡᠴᠡᠭᠡᠪᠡᠷ᠂ ᠬᠠᠪᠰᠤᠷᠤᠨ ᠭᠦᠢᠴᠡᠳᠭᠡᠭᠴᠢ ᠨᠢ ᠨᠠᠰᠤᠲᠠᠨ ᠤ ᠲᠠᠷᠠᠭ᠎ᠠ ᠰᠠᠷ᠎ᠠ ᠳᠤ ᠪᠦᠬᠦᠯᠢ ᠨᠠᠶᠠᠨ ᠨᠠᠰᠤ ᠬᠦᠷᠬᠦ ᠶᠢ ᠣᠯᠵᠤ ᠦᠵᠡᠭᠡᠳ᠂ ᠲᠡᠭᠦᠨ ᠳᠤ ᠪᠦᠬᠦᠯᠢ ᠨᠠᠶᠠᠨ ᠨᠠᠰᠤᠨ ᠤ ᠥᠨᠳᠥᠷ ᠨᠠᠰᠤᠨ ᠤ ᠨᠡᠮᠡᠭᠦᠷᠢ ᠶᠢ ᠬᠡᠷᠬᠢᠨ ᠭᠦᠢᠴᠡᠳᠬᠡᠬᠦ᠂ ᠶᠠᠮᠠᠷ ᠮᠠᠲ᠋ᠧᠷᠢᠶᠠᠯ ᠪᠡᠯᠡᠳᠬᠡᠬᠦ ᠶᠢ ᠬᠡᠯᠡᠵᠦ ᠥᠭᠬᠦ ᠶᠢᠨ ᠬᠠᠮᠲᠤ ᠨᠠᠰᠤᠲᠠᠨ ᠳᠤ ᠴᠥᠮ ᠴᠠᠭᠠᠰᠤᠨ ᠳᠡᠭᠡᠷ᠎ᠡ ᠨᠠᠷᠢᠨ ᠪᠢᠴᠢᠵᠦ ᠥᠭᠲᠡᠭ᠃      ᠰᠧ ᠾᠧ ᠰᠢᠩ ᠨᠡᠶᠢᠭᠡᠮ ᠲᠣᠭᠤᠷᠢᠭ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠦᠷᠳᠡᠭᠡ  ᠨᠢ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠲᠠᠰᠤᠷᠠᠯᠳᠡ ᠦᠭᠡᠢ ᠰᠦᠪᠡᠭᠴᠢᠯᠡᠵᠦ᠂ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ ᠶᠢ ᠲᠠᠰᠤᠯᠳᠠᠭᠤᠯᠬᠤ ᠦᠭᠡᠢ ᠪᠠᠶᠢᠵᠤ᠂ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠲᠦᠷᠦ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ᠂ ᠪᠦᠬᠦ ᠶᠠᠪᠤᠴᠠ ᠶᠢ ᠮᠥᠷᠳᠡᠬᠦ ᠵᠡᠷᠭᠡ ︽ᠨᠢᠭᠡ ᠳᠤ ᠨᠢᠭᠡ︾ ᠶᠢᠨ ᠳᠣᠲᠣᠨᠣ ᠵᠢᠯᠣᠭᠤᠳᠤᠯᠭ᠎ᠠ ᠬᠠᠩᠭᠠᠵᠤ᠂ ︽ᠰᠠᠭᠤᠬᠤ ᠵᠡᠷᠭᠡ ᠦᠢᠯᠡᠴᠢᠯᠡᠭᠡ︾ ᠠᠴᠠ ︽ᠦᠢᠯᠡᠴᠢᠯᠡᠭᠡ ᠳᠤ ᠬᠦᠷᠭᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠡᠢ᠃ ᠲᠠᠷᠠᠭᠠᠴᠢ ᠶᠢᠨ ᠠᠯᠬᠤᠮ ᠳᠤ᠂ ᠰᠧ ᠾᠧ ᠰᠢᠩ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠨᠢ ︽ᠬᠠᠪᠰᠤᠷᠤᠨ ᠡᠷᠭᠢᠯᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠲᠦᠷᠭᠡᠨ ᠪᠥᠭᠡᠳ ᠣᠪᠣᠷ ᠲᠠᠢ᠂ ᠬᠠᠯᠠᠭᠤᠨ ᠳᠤᠯᠠᠭᠠᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠨᠠᠷᠠᠲᠤ ᠲᠡᠮᠳᠡᠭ ᠢ ᠪᠣᠶ ᠪᠣᠯᠭᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号