ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠯᠦᠩ ᠰᠢᠶᠠᠩ ᠶᠤᠸᠠᠨ ᠨᠡᠶᠢᠭᠡᠮ ᠲᠣᠭᠤᠷᠢᠭ ︽ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠦᠮᠡᠨ ᠡᠷᠦᠬᠡ ᠳᠤ ᠬᠦᠷᠭᠡᠵᠦ᠂ ᠴᠢ ᠪᠢᠳᠡ ᠬᠤᠶᠠᠷ ᠢ ᠪᠠᠲᠤᠯᠠᠨ᠎ᠠ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/1
      ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭ᠎ᠠ ᠠᠮᠤᠷ ᠳᠠᠭᠠᠳᠬᠠᠯ ᠳᠤ ᠣᠷᠣᠯᠴᠠᠭᠤᠯᠵᠤ᠂ ᠢᠳᠡᠪᠬᠢᠲᠡᠢ ᠪᠠᠷ ᠳᠠᠭᠠᠳᠬᠠᠯ ᠳᠤ ᠣᠷᠣᠯᠴᠠᠭᠤᠯᠬᠤ ᠶᠢᠨ ᠲᠥᠯᠥᠭᠡ᠂ ᠣᠶᠢᠷ᠎ᠠ ᠳᠤ᠂ ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠯᠦᠩ ᠰᠢᠶᠠᠩ ᠶᠤᠸᠠᠨ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ︽ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠦᠮᠡᠨ ᠡᠷᠦᠬᠡ ᠳᠤ ᠣᠷᠣᠭᠤᠯᠵᠤ᠂ ᠪᠠᠲᠤᠯᠠᠭ᠎ᠠ ᠳᠤ ᠰᠠᠨᠠᠭ᠎ᠠ ᠠᠮᠤᠷ ᠴᠢ ᠪᠢᠳᠡ ᠬᠤᠶᠠᠭᠤᠯᠠ ᠪᠠᠨ︾ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢ ᠰᠠᠭᠤᠭᠠᠯᠢ ᠠᠷᠠᠳ ᠲᠤ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠡᠷᠬᠡᠪᠰᠢ ᠮᠡᠳᠡᠬᠦ ᠭᠠᠷ ᠳᠡᠪᠲᠡᠷ ᠲᠠᠷᠬᠠᠭᠠᠵᠤ᠂ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠶᠠᠪᠤᠴᠠ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠬᠦᠯᠢᠴᠡᠩᠭᠦᠢ ᠪᠥᠭᠡᠳ ᠨᠠᠷᠢᠨ ᠬᠠᠷᠢᠭᠤᠯᠲᠠ ᠥᠭᠴᠦ᠂ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠠᠮᠤᠭ ᠤᠨ ᠰᠢᠨ᠎ᠡ ᠬᠤᠪᠢᠷᠠᠯᠲᠠ ᠶᠢ ᠴᠠᠭ ᠲᠤᠬᠠᠢ ᠳᠤᠨᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠦᠨ᠂ ᠬᠥᠮᠥᠨ ᠳᠠᠭᠠᠳᠬᠠᠯ ᠳᠤ ᠣᠷᠣᠯᠴᠠᠬᠤ᠂ ᠬᠥᠮᠥᠨ ᠪᠦᠬᠦᠨ ᠰᠦᠢᠳᠬᠡᠯ ᠲᠤᠰᠢᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠷᠠᠳ ᠲᠤ ᠠᠰᠢᠭ ᠬᠦᠷᠲᠡᠭᠡᠬᠦ ᠴᠢᠨᠠᠷ ᠢ ᠦᠨᠡᠨ ᠬᠦ ᠣᠶᠢᠯᠠᠭᠠᠭᠤᠯᠵᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠢᠳᠡᠪᠬᠢᠵᠢᠯ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠯᠦᠩ ᠰᠢᠶᠠᠩ ᠶᠤᠸᠠᠨ ᠨᠡᠶᠢᠭᠡᠮ ᠲᠣᠭᠤᠷᠢᠭ ᠤᠨ ᠬᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠢᠳᠡᠪᠬᠢᠲᠡᠢ ᠪᠠᠷ ᠳᠠᠭᠠᠳᠬᠠᠯ ᠳᠤ ᠣᠷᠣᠯᠴᠠᠬᠤ᠂ ᠦᠷᠭᠦᠯᠵᠢᠯᠡᠨ ᠰᠦᠢᠳᠬᠡᠯ ᠲᠤᠰᠢᠶᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠡᠮ ᠡᠮᠨᠡᠯᠭᠡ ᠶᠢᠨ ᠳᠠᠭᠠᠳᠬᠠᠯ ᠢ ᠪᠣᠶ ᠪᠣᠯᠭᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号