ᠶᠦᠮ ᠤᠨ ᠪᠠᠶᠢᠰᠢᠩ ᠪᠠᠯᠭᠠᠰᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠪᠠ ᠬᠡᠷᠡᠭᠯᠡᠬᠦ ᠠᠵᠢᠯ ᠢ ᠠᠬᠢᠭᠤᠯᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/11/1
      ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠪᠠ ᠬᠡᠷᠡᠭᠯᠡᠬᠦ ᠨᠣᠷᠮ᠎ᠠ ᠶᠢ ᠤᠯᠠᠮ ᠨᠢᠭᠡ ᠠᠯᠬᠤᠮ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠰᠠᠭᠤᠭᠠᠯᠢ ᠠᠷᠠᠳ ᠲᠤ ᠦᠵᠡᠭᠦᠯᠬᠦ ᠲᠥᠬᠦᠮ ᠦᠢᠯᠡᠴᠢᠯᠡᠭᠡᠨ ᠤ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠶᠢᠦ ᠶᠢᠦ  ᠪᠠᠨ ᠪᠠᠯᠭᠠᠰᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠪᠠ ᠬᠡᠷᠡᠭᠯᠡᠬᠦ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠲᠣᠰᠬᠤᠨ ︵ᠰᠠᠭᠤᠭᠠᠯᠢ ᠠᠷᠠᠳ︶ ᠤ ᠡᠮ ᠡᠮᠨᠡᠯᠭᠡ ᠶᠢᠨ ᠳᠠᠭᠠᠳᠬᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
     ᠬᠤᠷᠠᠯ ᠠᠴᠠ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠷᠭ᠎ᠠ ᠵᠠᠮ᠂ ᠠᠮᠢᠯᠠᠭᠤᠯᠬᠤ ᠶᠠᠪᠤᠴᠠ ᠪᠣᠯᠣᠨ ᠬᠤᠯᠪᠣᠭᠳᠠᠯ ᠪᠦᠬᠦᠢ ᠠᠩᠬᠠᠷᠬᠤ ᠵᠦᠢᠯᠡᠰ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠨᠢ ᠪᠡᠶ᠎ᠡ ᠶᠢᠨ ᠦᠨᠡᠮᠯᠡᠯ᠂ ᠬᠤᠶᠠᠷ ᠬᠡᠮᠵᠢᠯᠲᠦ ᠲᠡᠮᠳᠡᠭ᠂ ᠬᠥᠮᠥᠨ ᠤ ᠴᠢᠷᠠᠢ ᠵᠡᠷᠭᠡ ᠠᠮᠢᠳᠤ ᠪᠣᠳᠠᠰ ᠤᠨ ᠣᠨᠴᠠᠯᠢᠭ ᠲᠠᠢ ᠬᠤᠯᠪᠣᠭ᠎ᠠ ᠲᠠᠢ ᠬᠡᠷᠡᠭᠯᠡᠬᠦ ᠠᠷᠭ᠎ᠠ ᠶᠢ ᠲᠠᠨᠢᠯᠴᠠᠭᠤᠯᠤᠭᠰᠠᠨ ᠪᠥᠭᠡᠳ ᠤᠯᠠᠨ ᠤ ᠳᠤᠷᠠᠳᠤᠭᠰᠠᠨ ᠮᠠᠳᠠᠭ ᠲᠠᠢ ᠠᠰᠠᠭᠤᠳᠠᠯ ᠪᠣᠯᠣᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠪᠠ ᠬᠡᠷᠡᠭᠯᠡᠬᠦ ᠨᠢ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢᠯᠠᠬᠤ ᠠᠵᠢᠯ ᠪᠣᠯᠬᠤ ᠮᠥᠷᠲᠡᠭᠡᠨ ᠨᠠᠩ ᠴᠤ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ‍ ᠨᠢᠭᠡ ᠵᠦᠢᠯ ᠤᠨ ᠴᠢᠬᠤᠯᠠ ᠦᠢᠯᠡᠴᠢᠯᠡᠭᠡ ᠪᠣᠯᠣᠨ᠎ᠠ᠂ ᠡᠯ᠎ᠡ ᠲᠣᠰᠬᠤᠨ ︵ᠰᠠᠭᠤᠭᠠᠯᠢ ᠠᠷᠠᠳ︶ ᠤ ᠬᠢᠨ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠢᠯᠲᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠡᠷᠦᠬᠡ ᠳᠤ ᠣᠴᠢᠭᠤᠯᠤᠨ ᠤᠬᠠᠭᠤᠯᠵᠤ᠂ ᠠᠯᠬᠤᠮ ᠳᠠᠷᠠᠭ᠎ᠠ ᠶᠢ ᠨᠢᠭᠤᠷᠲᠠᠨ ᠵᠢᠯᠤᠭᠤᠳᠴᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠥᠷᠭᠡᠨ ᠢᠶᠠᠷ ᠬᠡᠷᠡᠭᠯᠡᠭᠦᠯᠵᠦ᠂ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠪᠴᠢᠷᠠᠭᠰᠠᠨ ᠲᠥᠬᠦᠮ ᠨᠥᠬᠦᠴᠡᠯ ᠢ ᠦᠨᠡᠨ ᠬᠦ ᠮᠡᠳᠡᠷᠡᠭᠦᠯᠬᠦ ᠬᠡᠷᠡᠭᠲᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号