ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠤᠲᠣᠩ ᠠᠷᠠᠳ ᠤᠨ ᠲᠣᠭᠤᠷᠢᠭ ᠤᠨ ᠶᠢᠤ ᠶᠢᠤ ᠪᠠᠨ ᠪᠠᠯᠭᠠᠰᠤ ᠶᠢᠨ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/11/10
     ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠬᠤ︾ ᠪᠠᠷ ᠠᠭᠤᠯᠭ᠎ᠠ ᠪᠣᠯᠭᠠᠭᠰᠠᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠭᠤᠷᠪᠠᠨ ᠬᠤᠪᠢᠷᠠᠯᠲᠠ︾ ᠶᠢᠨ ᠥᠭᠡᠷᠡᠴᠢᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠳᠡᠪᠬᠢᠲᠡᠢ ᠪᠠᠷ ᠲᠠᠨᠢᠯᠴᠠᠭᠤᠯᠵᠤ᠂ ︽ᠭᠤᠷᠪᠠᠨ ᠬᠤᠪᠢᠷᠠᠯᠲᠠ︾ ᠶᠢᠨ ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠨ ᠪᠣᠯᠣᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ ᠂ 2023 ᠣᠨ ᠤ 10 ᠳ᠋ᠤᠭᠠᠷ ᠰᠠᠷ᠎ᠠ ᠶᠢᠨ 25 ᠤ ᠦᠳᠡ ᠶᠢᠨ ᠡᠮᠦᠨ᠎ᠡ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠥᠪ ᠤᠨ ᠡᠷᠬᠢᠯᠡᠭᠴᠢ ᠸᠠᠩ ᠼᠦᠢ ᠫᠢᠩ ᠭᠤᠷᠪᠠᠭᠤᠯᠠ ᠬᠤᠲᠣᠩ ᠠᠷᠠᠳ ᠤᠨ ᠲᠣᠭᠤᠷᠢᠭ ᠤᠨ ᠶᠢᠦ ᠶᠢᠦ ᠪᠠᠨ ᠪᠠᠯᠭᠠᠰᠤ ᠶᠢᠨ ᠢ ᠹᠠᠩ ᠲᠣᠰᠬᠤᠨ ᠳᠤ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠂ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠧᠩ ᠹᠦ᠋ ᠱᠧᠩ᠂ ᠢ ᠹᠠᠩ ᠲᠣᠰᠬᠤᠨ ᠤ ᠬᠤᠶᠠᠷ ᠵᠥᠪᠯᠡᠯ᠂ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠭᠦᠨ᠂ ᠲᠣᠰᠬᠤᠨ ᠤ ᠠᠷᠠᠳ ᠤᠨ ᠲᠥᠯᠥᠭᠡᠯᠡᠭᠴᠢ ᠪᠣᠯᠣᠨ ᠬᠠᠮᠢᠶ᠎ᠠ ᠪᠦᠬᠦᠢ ᠠᠵᠢᠯᠲᠠᠳ ᠪᠠᠷ᠎ᠠ ᠪᠣᠯᠪᠠ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠲᠠᠭᠯᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃
     ᠶᠠᠷᠢᠯᠴᠠᠬᠤ ᠬᠤᠷᠠᠯ ᠳᠡᠭᠡᠷ᠎ᠡ᠂ ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ︽ᠨᠢᠭᠡ ᠲᠠᠰᠤᠯᠭ᠎ᠠ ᠠᠶᠢᠯ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠬᠢᠭᠰᠡᠨ ᠠᠴᠠ ᠨᠠᠭᠠᠰᠢᠬᠢ ᠠᠵᠢᠯᠯᠠᠭᠠᠨ ᠤ ᠪᠠᠶᠢᠳᠠᠯ᠂ ᠭᠤᠣᠯ ᠪᠣᠯᠬᠤ ᠠᠵᠤ ᠠᠬᠤᠢ ᠶᠢᠨ ᠠᠰᠢᠭ ᠣᠷᠣᠯᠭ᠎ᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠪᠠᠶᠢᠳᠠᠯ᠂ ᠠᠵᠢᠯᠯᠠᠭᠠᠨ ᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠬᠦᠴᠢᠷᠳᠡᠯ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠲᠠᠯᠪᠢᠭᠰᠠᠨ ᠬᠦᠰᠡᠯ ᠱᠠᠭᠠᠷᠳᠠᠯᠭ᠎ᠠ︾ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ᠂ ᠡᠭᠦᠨ ᠤ ᠬᠠᠮᠲᠤ ᠨᠢᠭᠡ ᠲᠠᠰᠤᠯᠭ᠎ᠠ ᠠᠶᠢᠯ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠪᠣᠯᠣᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠰᠠ ᠲᠣᠰᠬᠤᠨ ᠤ ᠠᠷᠠᠳ ᠲᠤ ︽ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ︾ ᠲᠠᠭᠯᠠᠭᠤᠯᠬᠤ ᠪᠠᠷ ᠳᠠᠮᠵᠢᠭᠤᠯᠵᠤ᠂ ᠲᠣᠰᠬᠤᠨ ᠤ ᠠᠷᠠᠳ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠠᠨᠤᠮᠵᠢ ᠶᠢᠨ ᠬᠡᠮᠵᠢᠶ᠎ᠡ ᠶᠢ ᠭᠦᠨᠵᠡᠭᠡᠢ ᠣᠶᠢᠯᠠᠭᠠᠪᠠ᠃      ᠬᠤᠷᠠᠯ ᠤᠨ ᠳᠠᠷᠠᠭ᠎ᠠ᠂ ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠢᠭᠡ ᠭᠡᠷ ᠪᠠᠶᠢᠰᠢᠩ ᠲᠣᠰᠬᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠯ᠎ᠡ ᠵᠦᠢᠯ ᠤᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠵᠢᠴᠢ ᠲᠣᠰᠬᠤᠨ ᠤ ᠬᠠᠮᠲᠤ ᠨᠡᠶᠢᠲᠡ ᠪᠠ ᠲᠣᠰᠬᠤᠨ ᠤ ᠠᠷᠠᠳ ᠤᠨ ᠭᠠᠷ ᠲᠠᠬᠢ ᠠᠰᠢᠭᠯᠠᠵᠤ ᠪᠣᠯᠬᠤ ᠡᠳ᠋ ᠬᠥᠷᠥᠩᠭᠡ ᠵᠢᠴᠢ ᠡᠬᠢ ᠪᠠᠶᠠᠯᠢᠭ ᠢ ᠪᠦᠬᠦᠨ ᠢ ᠡᠮᠬᠢᠯᠡᠨ ᠨᠡᠶᠢᠯᠡᠭᠦᠯᠵᠦ ᠠᠰᠢᠭᠯᠠᠬᠤ᠂ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠣᠭᠤᠷᠢᠨ ᠳᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠵᠦᠢᠯᠡᠰ ᠤᠨ ᠲᠣᠭᠤᠷᠢᠨ ᠳᠤ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ᠂ ᠲᠣᠰᠬᠤᠨ ᠤ ᠠᠷᠠᠳ ᠢ ᠳᠠᠶᠢᠴᠢᠯᠠᠨ ᠬᠠᠮᠲᠤ ᠪᠠᠷ ᠪᠠᠶᠠᠵᠢᠭᠤᠯᠬᠤ᠂ ᠪᠤᠰᠤᠳ ᠬᠤᠳᠠᠯᠳᠤᠭᠠᠨ ᠤ ᠡᠷᠡᠭᠦᠯ ᠢᠶᠠᠷ ᠬᠥᠭᠵᠢᠬᠦ ᠶᠢ ᠳᠠᠶᠢᠴᠢᠯᠠᠬᠤ ᠠᠷᠭ᠎ᠠ ᠬᠡᠮᠵᠢᠶ᠎ᠡ ᠶᠢ ᠨᠤᠲᠠᠯᠠᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号