ᠬᠤᠲᠣᠩ ᠠᠷᠠᠳ ᠤᠨ ᠲᠣᠭᠤᠷᠢᠭ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ ᠤᠨ ᠰᠠᠭᠤᠷᠢᠨ ᠤ ᠫᠠᠶᠢᠰᠠ ᠰᠡᠬᠦᠬᠦ ᠶᠣᠰᠣᠯᠠᠯ ᠵᠢᠴᠢ ᠰᠢᠨ᠎ᠡ ᠪᠠᠷ ᠳᠡᠪᠰᠢᠭᠦᠯᠦᠨ ᠲᠣᠮᠢᠯᠠᠭᠰᠠᠨ ᠰᠠᠯᠠᠭᠠᠨ ᠤ ᠳᠡᠰ ᠤᠨ ᠺᠠᠳ᠋ᠷ ᠵᠢᠴᠢ ᠰᠢᠯᠢᠳᠡᠭ ᠵᠠᠯᠠᠭᠤ ᠺᠠᠳ᠋ᠷ ᠤᠨ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/11/10
      11 ᠳ᠋ᠦ᠋ᠭᠡᠷ ᠰᠠᠷ᠎ᠠ ᠶᠢᠨ 3 ᠤ ᠡᠳᠦᠷ᠂ ᠬᠤᠲᠣᠩ ᠠᠷᠠᠳ ᠤᠨ ᠲᠣᠭᠤᠷᠢᠭ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠵᠢᠴᠢ ᠰᠢᠨ᠎ᠡ ᠪᠠᠷ ᠳᠡᠪᠰᠢᠭᠦᠯᠦᠨ ᠲᠣᠮᠢᠯᠠᠭᠰᠠᠨ ᠰᠠᠯᠠᠭᠠᠨ ᠤ ᠲᠠᠰ ᠤᠨ ᠺᠠᠳ᠋ᠷ ᠵᠢᠴᠢ ᠰᠢᠯᠢᠳᠡᠭ ᠵᠠᠯᠠᠭᠤ ᠺᠠᠳ᠋ᠷᠴᠤᠳ ᠤᠨ ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠶᠠᠪᠤᠭᠤᠯᠪᠠ᠃ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠰᠢᠦᠢ ᠴᠢᠤᠸᠠᠨ ᠵᠥᠩ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠵᠢᠶᠦ᠋ᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠪᠦᠦ ᠶᠢᠨ ᠱᠠᠨ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠵᠠᠬᠢᠷᠤᠯ ᠸᠠᠩ ᠭᠠᠩ ᠬᠠᠮᠲᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠲᠣᠩ ᠠᠷᠠᠳ ᠤᠨ ᠲᠣᠭᠤᠷᠢᠭ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠥᠮᠦᠵᠢᠯ ᠳᠤ ᠪᠦᠬᠦ ᠣᠷᠣᠨ ᠤ 60 ᠭᠠᠷᠤᠢ ᠺᠠᠳ᠋ᠷ ᠪᠣᠯᠪᠠᠰᠤᠷᠠᠯ ᠳᠤ ᠣᠷᠣᠯᠴᠠᠪᠠ᠃
     ᠫᠠᠶᠢᠰᠠ ᠰᠡᠬᠦᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠰᠢᠦᠢ ᠴᠢᠤᠸᠠᠨ ᠵᠦᠩ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠪᠣᠯᠣᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠲᠡᠦᠬᠡ ᠪᠣᠯᠣᠨ ᠰᠤᠷᠭᠠᠭᠤᠯᠢ ᠡᠷᠬᠢᠯᠡᠬᠦ ᠣᠨᠴᠠᠯᠢᠭ ᠢ ᠲᠠᠨᠢᠯᠴᠠᠭᠤᠯᠪᠠ᠃ ᠰᠢᠦᠢ ᠴᠢᠤᠸᠠᠨ ᠵᠥᠩ ᠵᠢᠭᠠᠵᠤ ᠭᠠᠷᠭᠠᠭᠰᠠᠨ ᠨᠢ᠂ ᠡᠨᠡ ᠵᠢᠯ ᠤᠨ 7 ᠰᠠᠷ᠎ᠠ ᠳᠤ᠂ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠲᠠᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠠᠴᠠ ᠨᠠᠰᠢ᠂ ᠰᠤᠷᠭᠠᠭᠤᠯᠢ ᠨᠤᠭᠤᠳ ᠬᠠᠮᠲᠤᠷᠠᠯᠴᠠᠭᠠᠨ ᠤ ᠠᠭᠤᠯᠤᠭᠳᠠᠬᠤᠨ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠲᠦᠷᠦᠯ ᠵᠦᠢᠯ ᠢᠶᠠᠨ ᠨᠠᠷᠢᠯᠢᠭᠵᠢᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠵᠦᠢᠯᠡᠰ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠨᠡᠩ ᠰᠢᠨ᠎ᠡ ᠶᠢ ᠡᠭᠦᠳᠬᠦ ᠰᠡᠳᠬᠢᠬᠦᠢ ᠪᠠ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠡᠨᠡ ᠤᠳᠠᠭ᠎ᠠ ᠪᠣᠯ ᠡᠳ᠋ ᠤᠨ ᠵᠠᠰᠠᠭ ᠤᠨ ᠶᠡᠭᠡ ᠰᠤᠷᠭᠠᠭᠤᠯᠢ ᠬᠢᠭᠡᠳ ᠬᠤᠲᠣᠩ ᠠᠷᠠᠳ ᠤᠨ ᠲᠣᠭᠤᠷᠢᠭ ᠤᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠠᠴᠠ ᠨᠠᠰᠢ ᠠᠩᠬ᠎ᠠ ᠤᠳᠠᠭ᠎ᠠ ᠺᠠᠳ᠋ᠷ ᠤᠨ ᠬᠥᠮᠦᠵᠢᠯ ᠤᠨ ᠭᠤᠣᠯ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ ᠪᠠᠶᠢᠭ᠎ᠠ ᠶᠠᠪᠤᠳᠠᠯ ᠮᠥᠨ ᠪᠣᠯᠬᠤᠷ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠨᠢ ᠯᠠᠪᠲᠠᠢ ᠶᠤᠮ᠃
     ᠳᠠᠷᠠᠭ᠎ᠠ ᠨᠢ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠭᠠᠩ ᠠᠩᠭᠢ ᠡᠬᠢᠯᠡᠬᠦ ᠶᠠᠷᠢᠶ᠎ᠠ ᠲᠠᠯᠪᠢᠵᠤ᠂ ᠡᠭᠦᠨ ᠤ ᠬᠠᠮᠲᠤ ᠴᠢᠬᠤᠯᠠᠴᠢᠯᠠᠭᠰᠠᠨ ᠨᠢ᠄ ᠲᠣᠰ ᠤᠳᠠᠭᠠᠨ ᠤ ᠫᠠᠶᠢᠰᠠ ᠰᠡᠬᠦᠬᠦ ᠶᠣᠰᠣᠯᠠᠯ ᠨᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ︶ ᠪᠣᠯᠣᠨ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠣᠷᠭᠠᠨᠢᠭ ᠤᠶᠠᠯᠳᠤᠯ ᠢ ᠬᠠᠷᠠᠭᠤᠯᠵᠤ ᠪᠠᠶᠢᠨ᠎ᠠ᠂ ᠡᠨᠡ ᠨᠢ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠭᠰᠠᠨ ᠶᠠᠪᠤᠳᠠᠯ ᠪᠣᠯᠬᠤ ᠪᠥᠭᠡᠳ ᠪᠠᠰᠠ ᠴᠤ ᠬᠤᠲᠣᠩ ᠠᠷᠠᠳ ᠤᠨ ᠲᠣᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠺᠠᠳ᠋ᠷᠴᠤᠳ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠬᠤᠯᠠ ᠲᠠᠪᠴᠠᠩ ᠢ ᠥᠨᠳᠥᠷ ᠪᠠᠷᠢᠮᠵᠢᠶ᠎ᠠ ᠪᠠᠷ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠢᠨ ᠲᠤᠰ ᠤᠳᠠᠭ᠎ᠠ ᠶᠢᠨ ᠪᠣᠯᠪᠠᠰᠤᠷᠠᠯ ᠤᠨ ᠠᠩᠭᠢ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠥᠷᠭᠡᠴᠡ ᠪᠠᠨ ᠲᠠᠰᠤᠷᠠᠯᠲᠠ ᠦᠭᠡᠢ ᠥᠷᠭᠡᠳᠬᠡᠵᠦ᠂ ᠬᠠᠮᠲᠤᠪᠠᠷ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠤᠲᠣᠩ ᠠᠷᠠᠳ ᠤᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠤᠨᠤᠯ ᠤᠨ ᠪᠠᠲᠤᠯᠠᠭ᠎ᠠ᠂ ᠲᠠᠪᠴᠠᠩ ᠤᠨ ᠪᠠᠲᠤᠯᠠᠭ᠎ᠠ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠴᠠᠭ ᠦᠶ᠎ᠡ ᠠᠴᠠ ᠵᠠᠯᠠᠭᠤ ᠺᠠᠳ᠋ᠷᠴᠤᠳ ᠲᠤ ᠣᠯᠭᠤᠭᠰᠠᠨ ᠦᠰᠦᠨ ᠪᠣᠶᠢᠵᠢᠬᠤ ᠠᠵᠠ ᠲᠣᠬᠢᠶᠠᠯ ᠢ ᠡᠵᠡᠮᠳᠡᠨ᠂ ᠤᠶᠤᠨ ᠴᠢᠳᠠᠯ ᠢᠶᠠᠨ ᠲᠥᠪᠯᠡᠷᠡᠭᠦᠯᠦᠨ᠂ ᠨᠢᠭᠡ ᠰᠡᠳᠬᠢᠯ ᠢᠶᠠᠷ ᠰᠤᠷᠤᠯᠴᠠᠵᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠣᠷᠣᠭᠰᠠᠨ ᠢᠶᠠᠨ ᠬᠡᠷᠡᠭᠯᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠡᠬᠦᠳᠡᠭ ᠳᠦᠭᠦᠷᠡᠩ ᠵᠣᠷᠢᠭ ᠰᠠᠨᠠᠭ᠎ᠠ ᠪᠠ ᠳᠠᠷᠤᠤ ᠬᠢᠴᠢᠶᠡᠩᠭᠦᠢ ᠪᠠᠷ ᠰᠤᠷᠤᠯᠴᠠᠬᠤ ᠣᠪᠣᠷ ᠢᠶᠠᠷ ᠡᠯ᠎ᠡ ᠵᠦᠢᠯ ᠤᠨ ᠰᠤᠷᠤᠯᠴᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠰᠤᠷᠤᠯᠭ᠎ᠠ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠷᠠᠲᠤ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠤᠯ ᠤᠨ ᠵᠠᠬᠢᠷᠤᠯ᠂ ᠬᠤᠶᠠᠳᠤᠭᠠᠷ ᠳᠡᠰ ᠤᠨ ᠫᠷᠤᠹᠧᠰᠰᠤᠷ ᠯᠢ ᠴᠦᠨ ᠯᠢᠨ ︽ᠰᠢᠨ᠎ᠡ ᠴᠠᠭ ᠦᠶ᠎ᠡ ᠶᠢᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠪᠠ ᠤᠳᠤᠷᠢᠳᠬᠤ ᠴᠢᠳᠠᠪᠤᠷᠢ ᠶᠢᠨ ᠳᠡᠭᠡᠭᠰᠢᠯᠡᠯᠲᠡ︾ ᠪᠠᠷ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠥᠰᠢᠭᠡ ᠶᠢ ᠨᠡᠭᠡᠭᠡᠪᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号