ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠪᠣᠯ ᠠᠵᠤ ᠠᠬᠤᠢ ᠶᠢᠨ ᠵᠥᠭᠡᠯᠡᠨ ᠪᠣᠳᠠᠲᠤ | ᠬᠦᠴᠦᠨ ᠤ ᠴᠢᠬᠤᠯᠠ ᠢᠯᠡᠷᠡᠯ ᠮᠥᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠃ | ᠡᠨᠡ ᠵᠢᠯ ᠠᠴᠠ ᠨᠠᠰᠢ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ︽ᠨᠢᠭᠡ ᠯᠡ ᠤᠳᠠᠭ᠎ᠠ ᠳᠤ ᠰᠠᠶᠢᠲᠤᠷ ᠡᠷᠬᠢᠯᠡᠬᠦ︾ ᠶᠢ ᠶᠡᠬᠡᠪᠡᠷ ᠠᠬᠢᠭᠤᠯᠬᠤ ᠪᠠᠷ | ᠠᠵᠠ ᠲᠣᠬᠢᠶᠠᠯ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ | ᠬᠤᠲᠣᠩ ᠠᠷᠠᠳ ᠤᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ | ᠨᠢᠭᠲᠠᠷᠠᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠵᠡᠢ᠃ | ᠲᠤᠰ ᠲᠣᠪᠴᠢᠶ᠎ᠠ ᠨᠠᠷᠢᠨ ᠬᠢᠨᠠᠮᠠᠭᠠᠢ ᠰᠤᠳᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠣᠯᠣᠨ | ᠤᠯᠠᠨ ᠲᠦᠮᠡᠨ ᠤ ᠣᠶᠢᠯᠠᠭᠠᠯᠲᠠ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠡ ᠦᠭᠡᠢ | ᠳᠡᠭᠡᠭᠰᠢᠯᠡᠭᠦᠯᠵᠡᠢ᠃ ᠠᠵᠤ ᠠᠬᠤᠶᠢᠯᠠᠯ ᠤᠨ 6 ᠤᠴᠢᠷ ᠶᠠᠪᠤᠳᠠᠯ ᠢ ᠡᠷᠭᠢᠯᠡᠬᠦ ᠳᠤ ᠨᠢᠭᠡ ᠤᠴᠢᠷ ᠶᠠᠪᠤᠳᠠᠯ ᠢ ᠨᠢᠭᠡ | ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ ᠶᠢ ᠬᠡᠷᠡᠭᠵᠢᠭᠦᠯᠵᠦ᠂ 6 ᠰᠠᠯᠠᠭ᠎ᠠ ᠮᠥᠴᠢᠷ ᠤᠨ 21 ᠬᠤᠪᠢ | ᠮᠠᠲ᠋ᠧᠷᠢᠶᠠᠯ ᠢ ᠴᠣᠮᠬᠠᠳᠬᠠᠵᠤ ᠪᠠᠶᠢᠭᠰᠠᠨ ᠠᠴᠠ ᠨᠢᠭᠡ ᠯᠡ ᠤᠳᠠᠭ᠎ᠠ ᠳᠤ 1 ᠢᠵᠢ ᠨᠡᠶᠢᠲᠡ 6 ᠬᠤᠪᠢ ᠮᠠᠲ᠋ᠧᠷᠢᠶᠠᠯ | ᠢ ᠲᠤᠰᠢᠶᠠᠪᠠᠯ ᠳᠠᠷᠤᠢ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠤᠨ ᠡᠷᠭᠢᠯᠡᠭᠰᠡᠨ ᠪᠥᠬᠦ ᠶᠠᠪᠤᠴᠠ ᠶᠢᠨ | ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠬᠠᠰᠤᠵᠤ ᠬᠠᠰᠤᠭᠰᠠᠨ ᠨᠣᠷᠮ᠎ᠠ ᠶᠢ 71.4% ᠳᠤ ᠬᠦᠷᠭᠡᠨ᠎ᠡ᠃ | ᠭᠠᠶᠢᠯᠢ ᠶᠢᠨ ᠶᠠᠪᠤᠳᠠᠯ᠂ ᠪᠠᠩᠬᠢ᠂ ᠲᠠᠮᠠᠭ᠎ᠠ ᠰᠡᠶᠢᠯᠬᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠠᠵᠤ | ᠠᠬᠤᠶᠢᠯᠠᠯ ᠳᠤ ᠬᠤᠯᠪᠣᠭᠳᠠᠭᠰᠠᠨ ᠡᠯ᠎ᠡ ᠰᠠᠯᠠᠭ᠎ᠠ ᠮᠥᠴᠢᠷ ᠲᠥᠪᠯᠡᠷᠡᠭᠦᠯᠦᠨ ᠶᠡᠷᠦᠩᠬᠡᠶᠢᠯᠡᠨ ᠠᠵᠢᠯᠯᠠᠬᠤ ᠶᠢ | ᠬᠡᠷᠡᠭᠵᠢᠭᠦᠯᠵᠦ᠂ ︽ᠨᠢᠭᠡ ᠴᠣᠩᠬᠤᠨ ᠤ ᠬᠡᠯᠪᠡᠷᠢ︾ ᠶᠢ ᠨᠡᠶᠢᠯᠡᠭᠦᠯᠦᠨ ᠬᠢᠨᠠᠨ ᠵᠥᠪᠰᠢᠶᠡᠷᠡᠵᠦ᠂ ᠪᠥᠬᠦ ᠶᠠᠪᠤᠴᠠ ᠶᠢᠨ | ᠭᠦᠢᠴᠡᠳᠬᠡᠵᠦ ᠳᠠᠭᠤᠰᠬᠠᠬᠤ ᠴᠠᠭ ᠢ ᠬᠠᠭᠠᠰ ᠠᠵᠢᠯᠯᠠᠬᠤ ᠡᠳᠦᠷ ᠪᠣᠯᠭᠠᠨ ᠲᠦᠷᠭᠡᠳᠬᠡᠪᠡ᠃ | | | ᠡᠭᠦᠨ ᠤ ᠬᠠᠮᠲᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠬᠥᠭᠵᠢᠭᠡᠨ᠎ᠡ᠃ ᠣᠲᠣ ᠪᠣᠯᠲᠠᠯ᠎ᠠ᠂ ᠬᠤᠲᠣᠩ ᠠᠷᠠᠳ ᠤᠨ ᠲᠣᠭᠤᠷᠢᠭ ᠲᠤ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠶᠢᠲᠡ 7135 ᠰᠢᠨ᠎ᠡ ᠪᠠᠷ ᠪᠠᠶᠢᠭᠤᠯᠵᠤ᠂ 2022 ᠣᠨ ᠤ ᠠᠳᠠᠯᠢ | ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ᠃ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠣᠭᠤᠷᠢᠭ ᠲᠤ ︽ | ᠬᠠᠪᠰᠤᠷᠤᠨ ᠡᠷᠭᠢᠯᠡᠬᠦ ᠣᠷᠣᠯᠠᠨ ᠭᠦᠢᠴᠡᠳᠬᠡᠬᠦ ᠴᠣᠩᠬᠤ︾ ᠭᠠᠷᠭᠠᠵᠤ᠂ ︽ᠪᠥᠬᠦ ᠶᠠᠪᠤᠴᠠ ᠳᠤ ᠬᠠᠪᠰᠤᠷᠤᠨ | ᠭᠦᠢᠴᠡᠳᠬᠡᠬᠦ︾ ᠦᠢᠯᠡᠴᠢᠯᠡᠭᠡ ᠭᠠᠷᠭᠠᠵᠤ᠂ ᠳᠠᠩᠰᠠᠯᠠᠭᠤᠯᠤᠭᠰᠠᠨ ᠪᠡᠯᠡ ᠮᠥᠩᠭᠦ 38360 ᠲᠦᠮᠡᠨ | ᠲᠥᠭᠦᠷᠢᠭ ᠤᠨ ᠲᠣᠭᠤᠷᠢᠭ ᠲᠤ ᠣᠷᠣᠭᠰᠠᠨ 30 ᠠᠵᠤ ᠠᠬᠤᠶᠢᠯᠠᠯ ᠳᠤ ᠪᠥᠬᠦ ᠶᠠᠪᠤᠴᠠ ᠶᠢᠨ ᠳᠠᠩᠰᠠᠯᠠᠯᠲᠠ ᠶᠢ | ᠭᠦᠢᠴᠡᠳᠬᠡᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠠᠵᠤ ᠠᠬᠤᠶᠢᠯᠠᠯ ᠢ | ᠲᠤᠰᠠᠯᠠᠬᠤ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠴᠣᠩᠬᠤ ᠪᠠᠷ ᠳᠠᠮᠵᠢᠭᠤᠯᠤᠨ᠂ | 890 ᠠᠵᠤ ᠠᠬᠤᠶᠢᠯᠠᠯ ᠳᠤ ᠨᠢᠭᠡ ᠯᠡ ᠥᠷᠲᠡᠭᠡᠨ ᠤ ᠮᠠᠶ᠋ᠢᠭ ᠤᠨ ᠠᠵᠤ ᠠᠬᠤᠶᠢᠯᠠᠯ ᠨᠡᠭᠡᠭᠡᠨ ᠡᠷᠭᠢᠯᠡᠬᠦ | ᠦᠢᠯᠡᠴᠢᠯᠡᠭᠡ ᠬᠠᠩᠭᠠᠪᠠ᠃ ︽ᠪᠠᠩᠬᠢ ᠪᠣᠯᠣᠨ ᠠᠵᠤ ᠠᠬᠤᠶᠢᠯᠠᠯ ᠤᠨ ᠵᠣᠯᠭᠠᠯᠴᠠᠭ᠎ᠠ︾ ᠶᠢ ᠠᠬᠢᠭᠤᠯᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠲᠣᠩ ᠠᠷᠠᠳ ᠤᠨ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ᠂ ᠬᠤᠲᠣᠩ ᠠᠷᠠᠳ ᠤᠨ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠢ | ᠬᠠᠮᠲᠤ ᠪᠠᠷ ᠵᠢᠩ ᠶᠤᠸᠠᠨ ᠭᠠᠷᠠᠮ ᠤᠨ ᠤᠯᠠᠨ ᠤᠯᠤᠰ ᠤᠨ ᠮᠠᠰᠢᠨ ᠲᠡᠷᠭᠡᠨ ᠤ ᠲᠣᠬᠢᠷᠠᠭᠤᠯᠤᠯᠲᠠ ᠶᠢᠨ ᠬᠤᠳᠠ᠂ | ᠴᠢᠩ ᠳ᠋ᠢᠩ ᠤᠨ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠲᠤ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠬᠦ ᠳᠤ ᠬᠦᠴᠦ ᠨᠡᠮᠡᠷᠢᠯᠡᠬᠦ︾ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠲᠤᠬᠠᠢ ᠶᠢᠨ ᠲᠠᠯᠠᠪᠠᠢ ᠶᠢᠨ | ᠬᠤᠷᠠᠯ ᠢ ᠬᠠᠮᠲᠤᠷᠠᠨ ᠬᠤᠷᠠᠯᠳᠤᠭᠤᠯᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠥᠬᠡᠬᠤᠲᠠ ᠶᠢᠨ | ᠰᠢᠨ ᠬᠤᠸᠠ ᠴᠢᠶᠣᠤ ᠰᠠᠯᠪᠤᠷᠢ ᠪᠠᠩᠬᠢ ᠶᠢᠨ ᠬᠠᠷᠢᠶᠠᠨ ᠳᠠᠬᠢ 8 ᠡᠵᠡᠩᠨᠡᠯᠲᠡ ᠶᠢᠨ ᠲᠣᠣᠷ ᠴᠡᠭ ᠲᠠᠢ ︽ᠠᠵᠤ | ᠠᠬᠤᠶᠢᠯᠠᠯ ᠢ ᠬᠠᠪᠰᠤᠷᠤᠨ ᠡᠷᠬᠢᠯᠡᠬᠦ︾ ᠲᠣᠣᠷ ᠴᠡᠭ ᠲᠤ ᠭᠡᠷ᠎ᠡ ᠲᠣᠭᠲᠠᠵᠤ᠂ ᠪᠠᠩᠬᠢ ᠶᠢᠨ ᠲᠣᠣᠷ ᠴᠡᠭ ᠲᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠢ ᠣᠷᠣᠨ ᠭᠠᠷᠭᠠᠵᠤ᠂ ᠰᠦᠢᠳᠬᠡᠯ ᠬᠤᠷᠢᠶᠠᠬᠤ ᠦᠭᠡᠢ ᠪᠠᠷ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠰᠢᠨ᠎ᠡ ᠪᠠᠷ ᠪᠠᠶᠢᠭᠤᠯᠤᠭᠰᠠᠨ ᠠᠵᠤ | ᠠᠬᠤᠶᠢᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠵᠡᠷᠭᠡ 6 ᠲᠥᠷᠥᠯ ᠤᠨ ︽ᠠᠵᠤ ᠠᠬᠤᠶᠢᠯᠠᠯ ᠨᠡᠭᠡᠭᠡᠨ ᠡᠷᠭᠢᠯᠡᠬᠦ︾ ᠵᠦᠢᠯᠡᠰ ᠢ | ᠪᠠᠩᠬᠢ ᠶᠢᠨ ᠲᠣᠣᠷ ᠴᠡᠭ ᠲᠤ ᠣᠷᠣᠭᠤᠯᠵᠤ ᠰᠠᠭᠤᠯᠭᠠᠬᠤ ᠶᠢ ᠠᠬᠢᠭᠤᠯᠵᠤ᠂ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ | ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ | | |