︽ᠰᠢᠨᠬᠤᠸᠠ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ︾ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠡᠳᠬᠢᠯ ᠢ ᠪᠠᠶᠠᠰᠬᠠᠵᠤ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠠᠷ ᠪᠠᠶᠠᠰᠤᠯ ᠢ ᠡᠳ᠋ᠯᠡᠨ᠎ᠡ
ᠨᠡᠶᠢᠲᠡᠯᠡᠭᠰᠡᠨ ᠴᠠᠭ᠄
2023/11/10
      ᠲᠦᠩ ᠵᠠᠮ ᠤᠨ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ  ᠶᠢ ᠬᠡᠷᠡᠭᠵᠢᠭᠦᠯᠦᠭᠰᠡᠨ ᠠᠴᠠ ᠨᠠᠰᠢ᠂ ︽ᠭᠦᠶᠦᠭᠴᠢ︾ ᠶᠢᠨ ᠳᠦᠷᠢ ᠶᠢ ᠰᠠᠶᠢᠲᠤᠷ ᠲᠣᠭᠯᠠᠬᠤ ᠪᠠᠷ ᠴᠢᠷᠮᠠᠶᠢᠵᠤ᠂ ᠠᠰᠠᠭᠤᠨ ᠯᠠᠪᠯᠠᠬᠤ ᠦᠢᠯᠡᠴᠢᠯᠡᠭᠡ᠂ ᠬᠦᠰᠦᠨᠦᠭ ᠲᠠᠭᠯᠠᠬᠤ᠂ ᠨᠠᠶᠢᠳᠠᠨ ᠣᠷᠣᠯᠠᠭᠤᠯᠬᠤ ᠵᠡᠷᠭᠡ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︽ᠠᠰᠠᠷᠠᠭᠴᠢ ᠮᠠᠶ᠋ᠢᠭ ︾ ᠤᠨ ᠳᠣᠲᠣᠨᠣ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠦᠶᠦᠬᠦ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ︽ᠰᠠᠭᠤᠭᠠᠯᠢ ᠠᠷᠠᠳ ᠤᠨ ᠭᠦᠶᠦᠬᠦ︾ ᠶᠢ ︽ᠨᠡᠶᠢᠭᠡᠮ ᠲᠣᠭᠤᠷᠢᠭ ᠤᠨ ᠭᠦᠶᠦᠬᠦ︾ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ ᠲᠤ ︽ᠨᠢᠭᠡ ᠳᠤ ᠨᠢᠭᠡ ᠲᠠᠢ᠂ ᠴᠡᠭ ᠠᠴᠠ ᠴᠡᠭ ᠲᠤ ᠬᠦᠷᠬᠦ᠂ ᠨᠢᠭᠤᠷᠳᠠᠬᠤ︾ ᠥᠪᠡᠷᠮᠢᠴᠡ ᠦᠢᠯᠡᠴᠢᠯᠡᠭᠡ ᠬᠠᠩᠭᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠢᠶᠠᠷ ᠠᠬᠢᠭᠤᠯᠵᠠᠢ᠃
     ᠬᠠᠷᠢᠶᠠᠲᠤ ᠣᠷᠣᠨ ᠤ ᠤᠰᠤᠨ ᠰᠢᠨᠵᠢᠯᠡᠭᠡᠨ ᠤ ᠳᠤᠭᠤᠶᠢᠯᠠᠩ ᠤᠨ ᠲᠣᠭᠤᠷᠢᠭ ᠤᠨ ᠨᠢᠭᠡᠨ ᠡᠮᠡᠭᠲᠡᠢ ᠤᠲᠠᠰᠤ ᠢᠷᠡᠭᠦᠯᠵᠦ᠂ ︽ᠪᠢ ᠠᠪᠤ ᠳᠠᠭᠠᠨ 80 ᠨᠠᠰᠤᠨ ᠤ ᠥᠨᠳᠥᠷ ᠨᠠᠰᠤᠨ ᠤ ᠨᠥᠬᠦᠪᠦᠷᠢ ᠭᠤᠶᠤᠴᠢᠯᠠᠶ᠎ᠠ ᠭᠡᠵᠦ ᠪᠤᠳᠤᠵᠤ ᠪᠠᠶᠢᠨ᠎ᠠ᠂ ᠭᠡᠪᠡᠴᠦ ᠲᠡᠭᠦᠨ ᠤ ᠬᠥᠯ ᠭᠠᠷ ᠨᠢ ᠳᠥᠭᠦᠮ ᠦᠭᠡᠢ ᠮᠥᠷᠲᠡᠭᠡᠨ ᠪᠢᠳᠡ ᠴᠦ ᠳᠡᠷᠭᠡᠳᠡ ᠨᠢ ᠪᠠᠶᠢᠬᠤ ᠦᠭᠡᠢ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠮᠠᠨ ᠤ ᠨᠡᠶᠢᠭᠡᠮ ᠲᠣᠭᠤᠷᠢᠭ ᠲᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠪᠠᠶᠢᠨ᠎ᠠ ᠭᠡᠵᠦ ᠤᠬᠠᠭᠤᠯᠵᠤ ᠪᠠᠶᠢᠨ᠎ᠠ᠂ ᠲᠠ ᠨᠠᠷ ᠤᠨ ᠭᠡᠷ  ᠲᠤᠨᠢ ᠢᠷᠡᠵᠦ ᠭᠡᠷᠡᠴᠢᠯᠡᠯ ᠤᠨ ᠭᠠᠷ ᠭᠦᠢᠴᠡᠳᠬᠡᠯ ᠬᠢᠵᠦ ᠥᠭᠬᠦ ᠶᠢ ᠬᠦᠰᠡᠵᠦ ᠪᠠᠶᠢᠨ᠎ᠠ︾ ᠭᠡᠵᠡᠢ᠃ ᠨᠡᠶᠢᠭᠡᠮ ᠲᠣᠭᠤᠷᠢᠭ ᠤᠨ ᠠᠵᠢᠯᠲᠠᠳ ᠤᠲᠠᠰᠤ ᠪᠠᠨ ᠲᠠᠯᠪᠢᠮᠠᠭᠴᠠ ᠭᠡᠷ ᠲᠤᠨᠢ ᠬᠦᠷᠴᠦ᠂ ᠰᠠᠭᠤᠭᠠᠯᠢ ᠠᠷᠠᠳ ᠢ ᠬᠠᠪᠰᠤᠷᠤᠨ 80 ᠨᠠᠰᠤᠨ ᠤ ᠥᠨᠳᠥᠷ ᠨᠠᠰᠤᠨ ᠤ ᠮᠡᠳᠡᠭᠡ ᠵᠠᠩᠭᠢ ᠶᠢ ᠴᠤᠭᠯᠠᠭᠤᠯᠵᠤ᠂ ᠠᠵᠢᠯᠲᠠᠨ ᠤ ᠣᠪᠣᠷ ᠨᠢ ᠰᠠᠭᠤᠭᠠᠯᠢ ᠠᠷᠠᠳ ᠲᠤ ᠮᠡᠳᠡᠷᠡᠭᠳᠡᠭᠰᠡᠨ ᠪᠠᠶᠢᠨ᠎ᠠ᠃      ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠨᠡᠶᠢᠭᠡᠮ ᠲᠣᠭᠤᠷᠢᠭ ᠤᠨ ᠠᠵᠢᠯᠲᠠᠨ ᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢ ᠨᠠᠩ ᠪᠠᠲᠤᠳᠬᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号