︽ᠰᠢᠨᠬᠤᠸᠠ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ︾ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠡᠶᠢᠭᠡᠮ ᠲᠣᠭᠤᠷᠢᠭ ᠤᠨ ᠬᠢᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/14
      ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ ᠂ 11 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠡᠶᠢᠭᠡᠮ ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠨᠡᠶᠢᠭᠡᠮ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠢ ᠲᠦᠯᠬᠢᠨ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃
     ᠬᠤᠷᠠᠯ ᠳᠡᠭᠡᠷ᠎ᠡ᠂ ᠬᠤᠭ ᠨᠣᠪᠰᠢ ᠶᠢ ᠲᠥᠷᠥᠯ ᠬᠤᠪᠢᠶᠠᠬᠤ ᠬᠢᠨᠠᠨ ᠵᠢᠯᠣᠭᠤᠳᠤᠭᠴᠢ ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠣᠪᠴᠢ ᠲᠣᠳᠣᠷᠬᠠᠶᠢᠯᠠᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠭᠤᠷᠪᠠᠳᠠᠭᠢ ᠡᠲᠡᠭᠡᠳ ᠤᠨ ᠰᠢᠯᠭᠠᠨ ᠲᠣᠭᠲᠠᠭᠠᠭᠰᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠰᠢᠯᠢᠳᠡᠭᠵᠢᠭᠦᠯᠦᠨ ᠳᠡᠭᠡᠭᠰᠢᠯᠡᠭᠦᠯᠬᠦ ᠴᠢᠬᠤᠯᠠᠲᠠᠢ ᠲᠠᠯ᠎ᠠ ᠶᠢ ᠨᠠᠷᠢᠨ ᠬᠢᠨᠠᠮᠠᠭᠠᠢ ᠵᠠᠳᠠᠯᠤᠭᠰᠠᠨ ᠤ ᠬᠠᠮᠲᠤ ᠬᠠᠯᠠᠨ ᠰᠠᠶᠢᠵᠢᠷᠠᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠬᠢᠨᠠᠨ ᠵᠢᠯᠣᠭᠤᠳᠤᠭᠴᠢ ᠠᠴᠠ ᠨᠡᠶᠢᠭᠡᠮ ᠲᠣᠭᠤᠷᠢᠭ ᠤᠨ ᠳᠣᠲᠣᠷ᠎ᠠ ︽ᠬᠤᠭ ᠨᠣᠪᠰᠢ ᠶᠢ ᠲᠥᠷᠥᠯ ᠬᠤᠪᠢᠶᠠᠬᠤ︾ ᠤᠬᠠᠭᠤᠯᠭ᠎ᠠ ᠲᠦᠭᠡᠮᠡᠯᠵᠢᠭᠦᠯᠦᠯᠲᠡ ᠶᠢ ᠦᠷᠭᠦᠯᠵᠢᠯᠡᠨ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ᠂ ᠣᠷᠴᠢᠨ ᠠᠬᠤᠢ ᠶᠢ ᠴᠡᠭᠴᠡᠯᠡᠨ ᠵᠠᠰᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠡᠷᠭᠡ ᠪᠠᠷ ᠰᠦᠯᠵᠢᠶᠡᠨ ᠭᠠᠳᠠᠨ᠎ᠠ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠᠭ᠎ᠠ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠬᠠᠭᠤᠳᠠᠰᠤ ᠲᠠᠷᠬᠠᠭᠠᠬᠤ ᠶᠢ ᠰᠠᠨᠠᠭᠤᠯᠪᠠ᠃      ᠲᠣᠰ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠨ ᠠᠬᠢᠭᠤᠯᠬᠤ ᠬᠤᠷᠠᠯ ᠨᠢ ᠥᠷᠭᠡᠨ ᠣᠯᠠᠨ ᠺᠠᠳ᠋ᠷᠴᠤᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠪᠠ ᠠᠵᠢᠯ ᠤᠨ ᠨᠠᠷᠢᠨ ᠳᠦᠷᠢᠮ ᠢ ᠨᠠᠩ ᠭᠦᠨᠵᠡᠭᠡᠢ ᠣᠶᠢᠯᠠᠭᠠᠭᠰᠠᠨ ᠪᠥᠭᠡᠳ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠭᠡᠮ ᠲᠣᠭᠤᠷᠢᠭ ᠤᠨ ᠳᠣᠲᠣᠷᠠᠬᠢ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号