ᠴᠠᠭᠳᠠᠭ᠎ᠠ ᠪᠣᠯᠣᠨ ᠬᠠᠤᠯᠢ ᠴᠠᠭᠠᠵᠠ ᠶᠢᠨ ᠨᠡᠶᠢᠯᠡᠯ ᠬᠦᠴᠦᠨ ᠢ ᠨᠢᠭᠡᠳᠬᠡᠨ ᠬᠠᠤᠯᠢ ᠪᠠᠷ ᠵᠠᠰᠠᠬᠤ ᠶᠢᠨ ︽ᠢᠵᠢᠯᠢ ᠲᠥᠪᠲᠦ ᠲᠣᠭᠤᠷᠢᠭ︾ ᠢ ᠰᠠᠶᠢᠲᠤᠷ ᠵᠢᠷᠤᠭᠯᠠᠨ᠎ᠠ
ᠨᠡᠶᠢᠲᠡᠯᠡᠭᠰᠡᠨ ᠴᠠᠭ᠄
2023/11/14
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠪᠠ ᠬᠠᠤᠯᠢ ᠴᠠᠭᠠᠵᠠ ᠶᠢᠨ ᠭᠠᠵᠠᠷ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠵᠢᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠴᠠᠭᠳᠠᠭ᠎ᠠ ᠪᠠ ᠬᠠᠤᠯᠢ ᠴᠠᠭᠠᠵᠠ ᠶᠢ ᠠᠭᠤᠰᠤᠯᠴᠠᠭᠤᠯᠤᠨ ᠵᠠᠰᠠᠬᠤ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠵᠤ᠂ ᠬᠠᠤᠯᠢᠵᠢᠯ ᠤᠨ ᠬᠤᠲᠣᠩ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠲᠣᠩ ᠠᠷᠠᠳ ᠤᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠬᠤᠶᠠᠷ ᠭᠠᠵᠠᠷ ᠢ ᠬᠤᠯᠪᠤᠭᠠᠯᠠᠨ ᠪᠠᠶᠢᠭᠤᠯᠬᠤ᠂ ᠴᠠᠭᠳᠠᠭ᠎ᠠ ᠪᠠ ᠬᠠᠤᠯᠢ ᠴᠠᠭᠠᠵᠠ ᠶᠢ ᠠᠭᠤᠰᠤᠯᠴᠠᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠪᠠ᠃ 11 ᠳ᠋ᠦ᠋ᠭᠡᠷ ᠰᠠᠷ᠎ᠠ ᠶᠢᠨ 10 ᠤ ᠡᠳᠦᠷ᠂ ᠬᠤᠶᠠᠷ ᠨᠢᠭᠡᠴᠡ ᠬᠠᠮᠲᠤᠷᠠᠨ ᠬᠤᠶᠠᠷ ᠭᠠᠵᠠᠷ ᠢ ᠬᠠᠮᠲᠤᠷᠠᠨ ᠪᠠᠶᠢᠭᠤᠯᠬᠤ᠂ ᠴᠠᠭᠳᠠᠭ᠎ᠠ ᠪᠠ ᠬᠠᠤᠯᠢ ᠴᠠᠭᠠᠵᠠ ᠶᠢ ᠠᠭᠤᠰᠤᠯᠴᠠᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠲᠤᠸ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠣᠩ ᠠᠷᠠᠳ ᠤᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧᠦ ᠰᠢᠤᠸᠠᠢ ᠸᠧᠨ ᠬᠠᠮᠲᠤ ᠪᠠᠷ ᠪᠠᠶᠢᠭᠤᠯᠬᠤ ᠲᠣᠭᠲᠠᠴᠠ ᠶᠢᠨ ᠲᠤᠬᠠᠢ ᠲᠠᠶᠢᠯᠤᠮᠵᠢ ᠬᠢᠪᠡ᠃
     ᠬᠤᠷᠠᠯ ᠤᠨ ᠡᠭᠦᠷᠭᠡ ᠬᠠᠷᠠᠯᠲᠠ ᠪᠣᠯ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠡᠬᠢ ᠪᠠᠶᠠᠯᠢᠭ ᠤᠨ ᠬᠦᠴᠦᠨ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠬᠦ ᠶᠢᠨ ᠲᠥᠯᠥᠭᠡ᠂ ︽ᠬᠤᠶᠠᠷ ᠭᠠᠵᠠᠷ ᠬᠠᠮᠲᠤᠷᠠᠨ ᠬᠥᠳᠡᠯᠦᠯᠴᠡᠬᠦ︾ ᠠᠵᠢᠯ ᠤᠨ ᠲᠣᠭᠲᠠᠴᠠ  ᠶᠢ ᠲᠡᠭᠦᠯᠳᠡᠷᠵᠢᠭᠦᠯᠵᠦ᠂ ᠬᠤᠶᠠᠷ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠵᠡᠷᠭᠡ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ᠂ ᠬᠤᠯᠪᠤᠭᠠᠯᠠᠨ ᠲᠣᠬᠢᠷᠠᠭᠤᠯᠬᠤ᠂ ᠬᠤᠯᠪᠤᠭᠠᠯᠠᠨ ᠵᠠᠰᠠᠬᠤ ᠶᠢ ᠪᠡᠶᠡᠯᠡᠭᠦᠯᠵᠦ᠂ ᠡᠬᠢ ᠪᠠᠶᠠᠯᠢᠭ᠂ ᠠᠵᠢᠯᠲᠠᠨ᠂ ᠠᠵᠢᠯ ᠢ ᠦᠨᠡᠨᠬᠦ ᠵᠣᠯᠭᠠᠭᠤᠯᠬᠤ᠂ ᠪᠣᠳᠠᠲᠠᠢ ᠪᠠᠷ ᠬᠤᠯᠪᠤᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠂ ᠴᠢᠳᠠᠮᠵᠢ ᠪᠠᠨ ᠬᠠᠷᠢᠯᠴᠠᠨ ᠨᠥᠬᠦᠪᠦᠷᠢᠯᠡᠬᠦ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠨᠢᠭᠡ ᠯᠡ ᠥᠷᠲᠡᠭᠡᠨ ᠤ ᠮᠠᠶ᠋ᠢᠭ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠬᠠᠮᠲᠤᠪᠠᠷ ᠪᠠᠶᠢᠭᠤᠯᠬᠤ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠬᠤᠷᠠᠯ ᠠᠴᠠ ᠰᠤᠳᠤᠯᠤᠨ ᠲᠣᠭᠲᠠᠭᠠᠬᠤ ᠪᠠᠷ ᠳᠡᠮᠵᠢᠨ᠂ ︽ᠬᠤᠲᠣᠩ ᠠᠷᠠᠳ ᠤᠨ ᠲᠣᠭᠤᠷᠢᠭ ᠤᠨ ᠬᠤᠶᠠᠷ ᠭᠠᠵᠠᠷ ᠢ ᠬᠤᠯᠪᠤᠭᠠᠯᠠᠨ ᠪᠠᠶᠢᠭᠤᠯᠬᠤ᠂ ᠴᠠᠭᠳᠠᠭᠠᠨ ᠤ ᠬᠠᠤᠯᠢ ᠴᠠᠭᠠᠵᠠ ᠶᠢ ᠠᠭᠤᠰᠤᠯᠴᠠᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠥᠯ︾ ᠢ ᠬᠠᠮᠲᠤ ᠪᠠᠷ ᠳᠠᠷᠤᠮᠠᠯᠯᠠᠨ ᠲᠠᠷᠬᠠᠭᠠᠪᠠ᠃
     ᠬᠤᠷᠠᠯ ᠳᠡᠭᠡᠷ᠎ᠡ᠂ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠶᠢᠨ ᠲᠥᠯᠥᠭᠡᠯᠡᠭᠴᠢ ᠬᠠᠮᠲᠤ ᠪᠠᠷ ︽ᠬᠤᠶᠠᠷ ᠭᠠᠵᠠᠷ ᠢ ᠬᠠᠮᠲᠤᠷᠠᠨ ᠪᠠᠶᠢᠭᠤᠯᠵᠤ᠂ ᠴᠠᠭᠳᠠᠭ᠎ᠠ ᠬᠠᠤᠯᠢ ᠴᠠᠭᠠᠵᠠ ᠶᠢ ᠠᠭᠤᠰᠤᠯᠴᠠᠭᠤᠯᠬᠤ︾ ᠠᠵᠢᠯ ᠤᠨ ᠵᠥᠪᠯᠡᠯᠴᠡᠭᠡᠷ ᠲᠣᠭᠲᠠᠭᠰᠠᠨ ᠪᠥᠭᠡᠳ ᠲᠣᠮᠢᠯᠠᠭᠰᠠᠨ ᠰᠠᠯᠪᠤᠷᠢ ᠶᠢᠨ ᠳᠠᠷᠤᠭ᠎ᠠ ᠳᠤ ᠬᠠᠤᠯᠢ ᠴᠠᠭᠠᠵᠠ ᠶᠢᠨ ᠭᠠᠵᠠᠷ ᠤᠨ ᠳᠡᠳ᠋ ᠳᠠᠷᠤᠭ᠎ᠠ ᠶᠢ ᠤᠷᠢᠨ ᠲᠣᠮᠢᠯᠠᠬᠤ ᠤᠷᠢᠯᠭ᠎ᠠ ᠶᠢᠨ ᠪᠢᠴᠢᠭ ᠭᠠᠷᠳᠠᠭᠤᠯᠵᠠᠢ᠃      ᠬᠤᠶᠢᠰᠢᠳᠠ ᠶᠢᠨ ᠠᠵᠢᠯ ᠤᠨ ᠳᠤᠮᠳᠠ᠂ ᠬᠤᠶᠠᠷ ᠨᠢᠭᠡᠴᠡ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠪᠠᠷᠢᠬᠤ ᠭᠠᠵᠠᠷ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠬᠤ ᠳᠤᠮᠳᠠ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠪᠠ ᠡᠭᠦᠷᠭᠡᠯᠡᠵᠦ ᠪᠠᠶᠢᠭ᠎ᠠ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢᠨ ᠲᠣᠭᠤᠷᠢᠨ ᠳᠤ ︽ᠳᠥᠷᠪᠡᠨ ᠶᠡᠭᠡ ᠠᠵᠢᠯᠯᠠᠭ᠎ᠠ︾ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ︽ᠨᠠᠢᠮᠠᠨ ᠵᠦᠢᠯ ᠤᠨ ᠠᠵᠢᠯ ᠤᠨ ᠲᠣᠭᠲᠠᠴᠠ︾ ᠶᠢ ᠬᠡᠷᠡᠭᠵᠢᠭᠦᠯᠦᠨ᠂ ᠴᠠᠭᠳᠠᠭ᠎ᠠ ᠪᠠ ᠬᠠᠤᠯᠢ ᠴᠠᠭᠠᠵᠠ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ︽ᠬᠠᠮᠲᠤ ᠪᠠᠷ ᠪᠠᠶᠢᠭᠤᠯᠬᠤ᠂ ᠬᠠᠮᠲᠤ ᠪᠠᠷ ᠰᠡᠷᠭᠡᠶᠢᠯᠡᠬᠦ᠂ ᠬᠠᠮᠲᠤ ᠪᠠᠷ ᠵᠠᠰᠠᠬᠤ︾ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号